ᠬᠥᠨᠳᠦᠲᠦ ᠨᠠᠰᠤᠲᠠᠶᠢᠴᠤᠳ ᠵᠢᠴᠢ ᠲᠡᠳᠡᠨ ᠤ ᠭᠡᠷ ᠪᠦᠯᠢ ᠶᠢᠨ ᠬᠢᠨ᠄ | ᠣᠳᠣᠬᠠᠨ ᠳᠤ᠂ ᠮᠠᠨ ᠤ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠦᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ | ᠤᠨᠳᠤᠤᠰᠢᠭᠰᠠᠨ ᠸᠢᠷᠦ᠋ᠰ ᠤᠨ ᠲᠠᠷᠬᠠᠬᠤ ᠬᠤᠷᠳᠤᠴᠠ ᠲᠦᠷᠭᠡᠨ ᠠᠴᠠ ᠮᠠᠨ ᠤ ᠬᠤᠰᠢᠭᠤᠨ ᠤ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠠᠵᠢᠯ ᠳᠤ ᠰᠢᠨ᠎ᠡ ᠪᠠᠶᠢᠳᠠᠯ ᠪᠠ ᠰᠢᠨ᠎ᠡ ᠥᠷᠢᠰᠥᠯᠳᠦᠭᠡᠨ ᠲᠤᠯᠭᠠᠷᠠᠵᠤ ᠪᠠᠶᠢᠨ᠎ᠠ᠃ | ᠨᠠᠰᠤᠲᠠᠶᠢᠴᠤᠳ᠂ ᠰᠠᠭᠤᠷᠢ ᠡᠪᠡᠳᠴᠢᠨ ᠲᠠᠢ ᠬᠥᠮᠦᠰ ᠪᠠ ᠸᠠᠺᠽᠢᠨ ᠳᠠᠷᠢᠭᠤᠯᠤᠭᠰᠠᠨ ᠥᠬᠡᠶ ᠬᠥᠮᠦᠰ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠭᠰᠠᠨ ᠤ ᠳᠠᠷᠠᠭ᠎ᠠ ᠬᠦᠨᠳᠦ ᠡᠪᠡᠳᠴᠢᠯᠡᠬᠦ ᠲᠦᠭᠰᠢᠭᠦᠷᠢ ᠶᠡᠭᠡ | ᠪᠠᠶᠢᠳᠠᠭ᠃ ᠬᠤᠯᠪᠣᠭᠳᠠᠯ ᠪᠥᠬᠦᠶ ᠲᠤᠭ᠎ᠠ ᠪᠠᠷᠢᠮᠲᠠ ᠠᠴᠠ ᠦᠵᠡᠪᠡᠯ᠂ ᠬᠡᠷᠪᠡ ᠨᠠᠰᠤᠲᠠᠶᠢᠴᠤᠳ᠂ ᠢᠯᠠᠩᠭᠤᠶ᠎ᠠ 80 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠮᠢᠺᠷᠤᠨ ᠸᠢᠷᠦ᠋ᠰ ᠲᠤ ᠬᠠᠯᠳᠠᠪᠦᠷᠢᠯᠠᠭᠳᠠᠪᠠᠯ᠂ ᠸᠠᠺᠽᠢᠨ | ᠲᠠᠷᠢᠭᠤᠯᠤᠭᠰᠠᠨ ᠦᠭᠡᠢ ᠪᠠᠶᠢᠳᠠᠯ ᠳᠤ ᠪᠣᠯ ᠥᠭᠦᠬᠦ ᠲᠦᠭᠰᠢᠭᠦᠷᠢ ᠨᠢ ᠪᠠᠷᠤᠭ 14.7 % ᠪᠠᠶᠢᠵᠤ᠂ ᠬᠡᠷᠪᠡ | ᠨᠢᠭᠡᠳᠦᠭᠡᠷ ᠵᠡᠭᠦᠦ ᠶᠢ ᠲᠠᠷᠢᠭᠤᠯᠤᠭᠰᠠᠨ ᠪᠠᠶᠢᠪᠠᠯ ᠥᠭᠦᠬᠦ ᠲᠦᠭᠰᠢᠭᠦᠷᠢ ᠨᠢ 7.16 % ᠪᠤᠯᠤᠨ ᠪᠠᠭᠤᠷᠠᠵᠤ᠂ | ᠬᠡᠷᠪᠡ ᠭᠤᠷᠪᠠᠨ ᠵᠡᠭᠦᠦ ᠶᠢ ᠪᠥᠬᠦᠨ ᠢ ᠲᠠᠷᠢᠭᠤᠯᠪᠠᠯ ᠥᠭᠦᠬᠦ ᠲᠦᠭᠰᠢᠭᠦᠷᠢ ᠨᠢ 1.5 % ᠪᠤᠯᠤᠨ ᠪᠠᠭᠤᠷᠠᠳᠠᠭ᠃ | ᠸᠠᠺᠼᠢᠨ ᠳᠠᠷᠢᠭᠤᠯᠤᠭᠰᠠᠨ ᠥᠬᠡᠶ ᠲᠠᠢ ᠬᠠᠷᠢᠴᠠᠭᠤᠯᠪᠠᠯ᠂ ᠭᠤᠷᠪᠠᠨ ᠵᠡᠭᠦᠦ ᠶᠢ ᠪᠥᠬᠦᠨ ᠢ ᠲᠠᠷᠢᠭᠤᠯᠬᠤ ᠳᠤ ᠥᠬᠦᠬᠦ | ᠲᠦᠭᠰᠢᠭᠦᠷᠢ ᠨᠢ 9.3 ᠳᠠᠬᠢᠨ ᠪᠠᠭᠤᠷᠠᠵᠠᠢ᠃ ᠸᠠᠺᠽᠢᠨ ᠤ ᠲᠠᠷᠢᠯᠭ᠎ᠠ ᠬᠢᠬᠦ ᠪᠣᠯ ᠮᠥᠨ ᠬᠦ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠬᠦ ᠪᠠ ᠬᠦᠨᠳᠦ ᠡᠪᠡᠳᠴᠢᠨ ᠢ ᠪᠠᠭᠠᠰᠬᠠᠬᠤ ᠬᠠᠮᠤᠭ ᠤᠨ ᠪᠦᠲᠦᠮᠵᠢᠲᠡᠶ ᠠᠷᠭ᠎ᠠ | ᠪᠣᠯᠤᠨ᠎ᠠ᠃ | ᠡᠶᠢᠮᠦ ᠠᠴᠠ ᠪᠢᠳᠡ ᠨᠠᠰᠤᠲᠠᠶᠢᠴᠤᠳ ᠢᠯᠠᠩᠭᠤᠶ᠎ᠠ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ︵ | ᠥᠩᠭᠡᠷᠡᠭᠰᠡᠨ ᠳᠤ ᠸᠠᠺᠽᠢᠨ ᠤ ᠲᠠᠷᠢᠯᠭ᠎ᠠ ᠬᠢᠬᠦ ᠦᠶ᠎ᠡ ᠳᠤ ᠬᠦᠨᠳᠦ ᠨᠣᠴᠢᠲᠠᠶ ᠬᠠᠷᠰᠢᠮᠠᠲᠠᠭᠠᠶ ᠤᠷᠪᠠᠯ ᠭᠠᠷᠴᠤ | ᠥᠩᠭᠡᠷᠡᠭᠰᠡᠨ᠂ ᠲᠦᠷᠭᠡᠨ ᠴᠢᠨᠠᠷᠲᠠᠶ ᠬᠠᠯᠳᠠᠪᠦᠷᠢᠲᠦ ᠴᠢᠨᠠᠷᠲᠠᠶ ᠡᠪᠡᠳᠴᠢᠲᠡᠨ ᠬᠠᠯᠠᠭᠤᠷᠠᠵᠤ ᠪᠠᠶᠢᠭ᠎ᠠ | ᠬᠤᠭᠤᠴᠠᠭᠠᠨ ᠳᠤ᠂ ᠤᠳᠠᠭᠠᠨ ᠴᠢᠨᠠᠷᠲᠠᠢ ᠬᠥᠨᠳᠦ ᠡᠪᠡᠳᠴᠢᠲᠡᠨ ᠡᠪᠡᠳᠴᠢᠨ ᠨᠢ ᠭᠡᠨᠡᠳᠲᠡ ᠬᠥᠳᠡᠯᠦᠭᠰᠡᠨ | ᠦᠶ᠎ᠡ ᠳᠤ᠂ ᠤᠳᠠᠭᠠᠨ ᠴᠢᠨᠠᠷᠲᠠᠢ ᠬᠥᠨᠳᠦ ᠡᠪᠡᠳᠴᠢᠨ ᠠᠴᠠ ᠪᠤᠯᠵᠤ ᠠᠮᠢ ᠨᠠᠰᠤᠨ ᠤ ᠠᠶᠤᠯ ᠲᠠᠢ ᠪᠤᠯᠤᠭᠰᠠᠨ | ᠬᠦᠮᠦᠰ ᠠᠴᠠ ᠭᠠᠳᠠᠨ᠎ᠠ︶ ᠨᠥᠬᠦᠴᠡᠯ ᠳᠤ ᠨᠡᠶᠢᠴᠡᠳᠡᠭ ᠯᠡ ᠶᠤᠮ ᠪᠣᠯ ᠳᠠᠷᠤᠶ ᠲᠦᠷᠭᠡᠨ ᠲᠠᠷᠢᠯᠭ᠎ᠠ ᠲᠠᠷᠢᠭᠤᠯᠵᠤ᠂ | ᠰᠠᠭᠤᠷᠢ ᠲᠠᠷᠢᠯᠭ᠎ᠠ ᠶᠢ ᠬᠢᠭᠡᠳ ᠴᠢᠩᠭᠠᠳᠬᠠᠬᠤ ᠲᠠᠷᠢᠯᠭ᠎ᠠ ᠶᠢ ᠲᠠᠷᠢᠭᠤᠯᠤᠭᠠᠳᠤᠢ ᠨᠠᠰᠤᠲᠠᠳ ᠲᠠᠷᠤᠢ ᠲᠦᠷᠭᠡᠨ | ᠴᠢᠩᠭᠠᠳᠬᠠᠬᠤ ᠲᠠᠷᠢᠯᠭ᠎ᠠ ᠶᠢ ᠲᠠᠷᠢᠭᠤᠯᠵᠤ᠂ ᠨᠠᠰᠤᠲᠠᠶᠢᠴᠤᠳ ᠤᠨ ᠭᠡᠷ ᠪᠦᠯᠢ ᠶᠢᠨ ᠬᠢᠨ ᠨᠠᠰᠤᠲᠠᠶᠢᠴᠤᠳ ᠢ | ᠢᠳᠡᠪᠬᠢᠲᠡᠶ ᠪᠠᠷ ᠳᠠᠶᠢᠴᠢᠯᠠᠨ ᠸᠠᠺᠽᠢᠨ ᠤ ᠲᠠᠷᠢᠯᠭ᠎ᠠ ᠬᠢᠯᠭᠡᠬᠦ ᠶᠢ ᠤᠷᠢᠶᠠᠯᠠᠵᠤ ᠪᠠᠶᠢᠨ᠎ᠠ᠃ | ᠨᠠᠰᠤᠲᠠᠶᠢᠴᠤᠳ ᠤᠨ ᠡᠷᠡᠭᠦᠯ ᠮᠡᠨᠳᠦ ᠠᠮᠤᠷ ᠠᠮᠤᠭᠤᠯᠠᠩ ᠪᠣᠯ ᠦᠷ᠎ᠡ ᠬᠡᠦᠬᠡᠳ ᠪᠤᠯᠤᠭᠰᠠᠳ ᠤᠨ ᠬᠠᠮᠤᠭ ᠤᠨ | ᠶᠡᠭᠡ ᠬᠦᠰᠡᠯ ᠡᠷᠡᠮᠡᠯᠵᠡᠯ ᠮᠥᠨ᠃ ᠦᠷ᠎ᠡ ᠬᠡᠦᠬᠡᠳ ᠪᠣᠯᠤᠭᠰᠠᠨ ᠤ ᠬᠤᠪᠢ ᠳᠤ᠂ ᠨᠠᠰᠤᠲᠠᠶᠢᠴᠤᠳ ᠤᠨ ᠦᠵᠡᠯ | ᠰᠠᠨᠠᠭᠠᠨ ᠤ ᠠᠵᠢᠯ ᠢ ᠬᠦᠯᠢᠴᠡᠩᠭᠦᠶ ᠨᠠᠷᠢᠨ ᠨᠢᠮᠪᠠᠶ ᠰᠠᠶᠢᠲᠤᠷ ᠬᠢᠵᠦ᠂ ᠨᠠᠰᠤᠲᠠᠨ ᠢ ᠵᠣᠷᠢᠭᠵᠢᠭᠤᠯᠤᠨ ᠰᠢᠨ᠎ᠡ | ᠲᠢᠲᠢᠮᠯᠢᠭ ᠸᠢᠷᠦ᠋ᠰ ᠤᠨ ᠸᠠᠺᠽᠢᠨ ᠤ ᠲᠠᠷᠢᠯᠭ᠎ᠠ ᠶᠢ ᠡᠷᠲᠡᠬᠡᠨ ᠲᠠᠷᠢᠭᠤᠯᠵᠤ᠂ ᠬᠢᠵᠢᠭ ᠢ ᠡᠷᠲᠡᠬᠡᠨ ᠰᠡᠷᠭᠡᠶᠢᠯᠡᠬᠦ ᠶᠢ | ᠬᠦᠰᠡᠵᠦ ᠪᠠᠶᠢᠨ᠎ᠠ᠃ | ᠵᠠᠷᠢᠮ ᠬᠦᠮᠦᠰ ᠨᠠᠰᠤᠲᠠᠶᠢᠴᠤᠳ ᠣᠷᠳᠣ ᠬᠤᠭᠤᠴᠠᠭ᠎ᠠ ᠪᠠᠷ ᠬᠡᠷ ᠲᠡᠭᠡᠨ ᠰᠠᠭᠤᠵᠤ᠂ ᠭᠠᠳᠠᠭᠰᠢ ᠭᠠᠷᠬᠤ ᠨᠢ | ᠪᠠᠭ᠎ᠠ᠂ ᠬᠠᠯᠳᠠᠪᠦᠷᠢᠯᠠᠭᠳᠠᠬᠤ ᠲᠦᠭᠰᠢᠭᠦᠷᠢ ᠪᠠᠭ᠎ᠠ ᠪᠣᠯᠬᠤᠷ ᠸᠠᠺᠽᠢᠨ ᠳᠠᠷᠢᠬᠤ ᠴᠢᠬᠤᠯᠠ ᠥᠬᠡᠶ ᠭᠡᠵᠦ ᠦᠵᠡᠳᠡᠭ᠂ | ᠭᠡᠪᠡᠴᠦ ᠦᠨᠡᠨ ᠳᠡᠭᠡᠨ ᠭᠠᠳᠠᠨ᠎ᠠ ᠠᠵᠢᠯᠯᠠᠵᠤ᠂ ᠰᠤᠷᠤᠯᠴᠠᠬᠤ ᠪᠤᠶᠤ ᠠᠮᠢᠳᠤᠷᠠᠵᠤ ᠪᠠᠶᠢᠭ᠎ᠠ ᠬᠡᠷ ᠤᠨ ᠬᠥᠮᠦᠰ ᠨᠢ | ᠬᠢᠴᠢᠶᠡᠮᠵᠢ ᠦᠭᠡᠢ ᠪᠠᠷ ᠸᠢᠷᠦ᠋ᠰ ᠢ ᠭᠡᠷ ᠲᠡᠭᠡᠨ ᠠᠪᠴᠤ ᠬᠠᠷᠢᠭᠰᠠᠨ ᠠᠴᠠ ᠨᠠᠰᠤᠲᠠᠨ ᠳᠤ ᠬᠠᠯᠳᠠᠪᠦᠷᠢᠯᠠᠬᠤ | ᠪᠤᠯᠤᠮᠵᠢ ᠪᠠᠶᠢᠳᠠᠭ᠃ ᠵᠠᠷᠢᠮ ᠬᠦᠮᠦᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠲᠠᠷᠢᠯᠭ᠎ᠠ | ᠬᠢᠭᠰᠡᠨ ᠤ ᠳᠠᠷᠠᠭ᠎ᠠ ᠰᠦᠷᠭᠡᠦ ᠦᠶᠯᠡᠳᠦᠯ ᠭᠠᠷᠬᠤ ᠠᠴᠠ ᠠᠶᠤᠵᠤ᠂ ᠸᠠᠺᠽᠢᠨ ᠤ ᠲᠠᠷᠢᠯᠭ᠎ᠠ ᠬᠢᠬᠦ ᠳᠤ ᠡᠷᠡᠭᠡᠯᠵᠡᠳᠡᠭ | ᠂ ᠭᠡᠪᠡᠴᠦ ᠪᠤᠳᠠᠲᠦ ᠪᠠᠶᠢᠳᠠᠯ ᠠᠴᠠ ᠦᠵᠡᠪᠡᠯ ᠨᠠᠰᠤᠲᠠᠶᠢᠴᠤᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠸᠠᠺᠽᠢᠨ ᠤ ᠲᠠᠷᠢᠯᠭ᠎ᠠ ᠲᠠᠷᠢᠭᠤᠯᠬᠤ ᠨᠢ ᠮᠠᠰᠢ ᠠᠮᠤᠷ ᠲᠦᠪᠰᠢᠨ ᠪᠠᠶᠢᠵᠤ᠂ ᠴᠢᠨᠠᠭᠰᠢᠯᠠᠪᠠᠯ ᠰᠦᠷᠭᠡᠦ ᠦᠢᠯᠡᠳᠦᠯ | ᠭᠠᠷᠬᠤ ᠨᠣᠷᠮ᠎ᠠ ᠨᠢ ᠵᠠᠯᠠᠭᠤᠴᠤᠳ ᠠᠴᠠ ᠴᠤ ᠳᠣᠤᠷ᠎ᠠ ᠪᠠᠶᠢᠳᠠᠭ᠃ ᠵᠠᠷᠢᠮ ᠨᠠᠰᠤᠲᠠᠶᠢᠴᠤᠳ ᠪᠣᠯᠤᠨ ᠭᠡᠷ ᠤᠨ | ᠬᠦᠮᠦᠰ ᠨᠢ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠡᠳ ᠣᠷᠳᠣ ᠬᠤᠭᠤᠴᠠᠭ᠎ᠠ ᠪᠠᠷ ᠡᠮ ᠤᠤᠭᠤᠵᠤ ᠪᠠᠶᠢᠭ᠎ᠠ | ᠪᠣᠯᠬᠤᠷ ᠲᠠᠷᠢᠯᠭ᠎ᠠ ᠬᠢᠬᠦ ᠳᠤ ᠳᠣᠭᠢᠷᠠᠬᠤ ᠥᠬᠡᠶ ᠭᠡᠵᠦ ᠦᠵᠡᠳᠡᠭ᠂ ᠭᠡᠪᠡᠴᠦ ᠲᠤᠰᠬᠠᠶ ᠮᠡᠷᠭᠡᠵᠢᠯᠲᠡᠨ ᠬᠠᠷᠢᠨ | ᠡᠪᠡᠳᠴᠢᠨ ᠤ ᠪᠠᠶᠢᠳᠠᠯ ᠲᠣᠭᠲᠠᠭᠤᠨ ᠪᠤᠶᠤ ᠨᠡᠯᠢᠶᠡᠳ ᠰᠠᠶᠢᠨ ᠡᠵᠡᠮᠳᠡᠵᠦ ᠲᠡᠶᠢᠯᠵᠦ ᠪᠠᠶᠢᠭ᠎ᠠ ᠰᠠᠭᠤᠷᠢ ᠡᠪᠡᠳᠴᠢᠨ | ᠲᠠᠢ ᠬᠥᠮᠦᠰ ᠨᠠᠩ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠽᠢᠨ ᠢ ᠳᠠᠷᠢᠭᠤᠯᠵᠤ᠂ ᠡᠭᠡᠯᠢᠯᠡᠭᠡ ᠶᠢᠨ | ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠ ᠲᠠᠢ ᠭᠡᠵᠦ ᠦᠵᠡᠳᠡᠭ᠃ ᠡᠶᠢᠮᠦ ᠠᠴᠠ ᠨᠠᠰᠤᠲᠠᠶᠢᠴᠤᠳ ᠪᠠ ᠬᠡᠷ ᠪᠦᠯᠢ | ᠶᠢᠨ ᠬᠢᠨ ᠡᠷᠡᠭᠡᠯᠵᠡᠭᠡ ᠪᠠᠨ ᠪᠠᠭᠠᠰᠬᠠᠵᠤ᠂ ᠲᠠᠷᠢᠯᠭ᠎ᠠ ᠬᠢᠬᠦ ᠳᠤ ᠳᠣᠭᠢᠷᠠᠬᠤ ᠡᠰᠡᠬᠦ ᠶᠢ ᠲᠤᠰᠬᠠᠶ ᠮᠡᠷᠭᠡᠵᠢᠯ ᠤᠨ | ᠡᠮᠴᠢ ᠪᠠᠷ ᠲᠦᠷᠭᠡᠬᠡᠨ ᠮᠠᠭᠠᠳᠯᠠᠭᠤᠯᠵᠤ᠂ ᠲᠠᠷᠢᠯᠭ᠎ᠠ ᠬᠢᠵᠦ ᠪᠤᠯᠪᠠᠯ ᠡᠷᠲᠡᠬᠡᠨ ᠲᠠᠷᠢᠯᠭ᠎ᠠ ᠬᠢᠯᠭᠡᠵᠦ᠂ ᠡᠭᠡᠯᠢᠯᠡᠭᠡ ᠶᠢᠨ | ᠴᠢᠳᠠᠪᠦᠷᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ | ᠡᠭᠦᠨ ᠤ ᠬᠠᠮᠲᠤ᠂ ᠮᠠᠨ ᠤ ᠬᠤᠰᠢᠭᠤ ᠨᠠᠰᠤᠲᠠᠶᠢᠴᠤᠳ᠂ ᠰᠠᠭᠤᠷᠢ ᠡᠪᠡᠳᠴᠢᠨ ᠲᠠᠢ ᠬᠦᠮᠦᠰ ᠵᠡᠷᠭᠡ | ᠭᠤᠤᠯᠳᠠᠯᠭ᠎ᠠ ᠲᠠᠢ ᠬᠥᠮᠦᠰ ᠤᠨ ᠰᠠᠭᠤᠷᠢ ᠲᠤᠭ᠎ᠠ ᠶᠢ ᠲᠦᠷᠭᠡᠬᠡᠨ ᠲᠣᠳᠣᠷᠬᠠᠶ ᠣᠶᠢᠯᠠᠭᠠᠵᠤ᠂ ᠭᠤᠤᠯᠳᠠᠯᠭ᠎ᠠ ᠲᠠᠢ | ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠢ ᠭᠦᠶᠴᠡᠳ ᠡᠵᠡᠮᠰᠢᠵᠦ᠂ ᠭᠤᠤᠯᠳᠠᠯᠭ᠎ᠠ ᠲᠠᠢ ᠬᠥᠮᠦᠰ ᠲᠤ ᠴᠠᠭ | ᠲᠤᠬᠠᠶ ᠳᠤᠨᠢ ᠣᠨᠣᠪᠴᠢᠲᠠᠶ ᠪᠥᠭᠡᠳ ᠪᠦᠲᠦᠮᠵᠢᠲᠡᠶ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠶᠯᠡᠴᠢᠯᠡᠭᠡ | ᠬᠠᠩᠭᠠᠬᠤ ᠶᠢᠨ ᠲᠥᠯᠥᠭᠡ᠂ ᠣᠳᠣᠬᠠᠨ ᠳᠤ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠪᠠᠶᠢᠴᠠᠭᠠᠯᠲᠠ | ᠶᠢᠨ ᠠᠵᠢᠯ ᠢ ᠵᠡᠷᠭᠡᠪᠡᠷ ᠥᠷᠨᠢᠭᠦᠯᠵᠦ ᠪᠠᠶᠢᠨ᠎ᠠ᠂ ᠣᠯᠠᠨ ᠢᠶᠠᠷ ᠢᠶᠠᠨ ᠢᠳᠡᠪᠬᠢᠲᠡᠶ ᠳᠡᠮᠵᠢᠵᠦ ᠬᠠᠮᠵᠢᠯᠴᠠᠬᠤ ᠶᠢ | ᠬᠦᠰᠡᠵᠦ ᠪᠠᠶᠢᠨ᠎ᠠ᠃ | ᠬᠢᠵᠢᠭ ᠤᠨ ᠪᠠᠶᠢᠳᠠᠯ ᠪᠠᠰᠠ ᠦᠷᠭᠦᠯᠵᠢᠯᠡᠵᠦ ᠪᠠᠶᠢᠨ᠎ᠠ᠂ ᠠᠳᠡ᠂ ᠨᠠᠰᠤᠲᠠᠶᠢᠴᠤᠳ ᠤᠨ ᠰᠣᠨᠣᠷ ᠰᠡᠷᠡᠮᠵᠢ ᠪᠠᠨ | ᠰᠤᠯᠠᠷᠠᠭᠤᠯᠬᠤ ᠥᠬᠡᠶ᠂ ᠴᠠᠭ ᠢᠮᠠᠭᠲᠠ ᠥᠪᠡᠷ ᠢ ᠪᠠᠨ ᠰᠠᠶᠢᠲᠤᠷ ᠬᠠᠮᠠᠭᠠᠯᠠᠬᠤ ᠶᠢ ᠠᠩᠬᠠᠷᠴᠤ᠂ ᠠᠮᠠᠪᠴᠢ ᠵᠡᠭᠦᠬᠦ᠂ | ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡ ᠴᠤᠭᠯᠠᠷᠠᠬᠤ ᠥᠬᠡᠶ ᠪᠠᠶᠢᠵᠤ᠂ | ᠠᠮᠤᠷ ᠲᠦᠪᠰᠢᠨ ᠤ ᠵᠠᠶ ᠶᠢ ᠪᠠᠲᠤᠯᠠᠵᠤ᠂ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ | ᠪᠣᠯᠬᠤ ᠶᠢ ᠣᠨᠴᠠᠭᠠᠶᠢᠯᠠᠨ ᠰᠠᠨᠠᠭᠤᠯᠵᠤ ᠪᠠᠶᠢᠨ᠎ᠠ᠃ ᠬᠠᠯᠠᠭᠤᠷᠠᠬᠤ᠂ ᠬᠤᠭᠤᠯᠠᠶ ᠡᠪᠡᠳᠬᠦ᠂ ᠬᠠᠨᠢᠶᠠᠬᠤ ᠵᠡᠷᠭᠡ ᠡᠪ | ᠦᠭᠡᠢ ᠪᠠᠢᠳᠠᠯ ᠢᠯᠡᠷᠡᠪᠡᠯ ᠡᠷᠡᠭᠦᠯ ᠮᠡᠨᠳᠦ ᠶᠢᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠶ᠃ ᠬᠦᠨᠳᠦ | ᠡᠪᠡᠳᠴᠢᠨ ᠲᠠᠢ ᠲᠦᠭᠰᠢᠭᠦᠷᠢᠲᠡᠶ ᠬᠥᠮᠦᠰ ᠦᠷᠭᠦᠯᠵᠢᠯᠡᠨ ᠬᠠᠯᠠᠭᠤᠷᠠᠭᠠᠳ ᠪᠠᠭᠤᠷᠠᠬᠤ ᠥᠬᠡᠶ᠂ ᠠᠮᠢᠰᠬᠤᠯ ᠨᠢ | ᠬᠦᠴᠢᠷᠳᠡᠬᠦ ᠵᠡᠷᠭᠡ ᠪᠠᠶᠢᠳᠠᠯ ᠭᠠᠷᠪᠠᠯ᠂ ᠴᠠᠭ ᠲᠤᠬᠠᠶ ᠳᠤ ᠨᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ | ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ ᠡᠪᠡᠳᠴᠢᠨ ᠬᠦᠨᠳᠦᠷᠡᠬᠦ ᠠᠴᠠ ᠵᠠᠶᠢᠯᠠᠰᠬᠢᠬᠦ ᠬᠡᠷᠡᠭᠲᠡᠶ᠂ | ᠬᠡᠷᠪᠡ ᠰᠠᠭᠤᠷᠢ ᠡᠪᠡᠳᠴᠢᠨ ᠨᠢ ᠮᠠᠰᠢ ᠬᠦᠨᠳᠦ᠂ ᠲᠤᠶᠢᠯ ᠤᠨ ᠪᠠᠴᠢᠮ ᠦᠶ᠎ᠡ ᠳᠤ ᠰᠢᠭᠤᠳ ᠲᠦᠷᠭᠡᠨ ᠡᠮᠨᠡᠯᠭᠡ | ᠶᠢᠨ ᠰᠠᠯᠠᠭ᠎ᠠ ᠳᠤ ᠬᠦᠷᠴᠦ ᠡᠮᠨᠡᠭᠦᠯᠵᠦ ᠪᠣᠯᠤᠨ᠎ᠠ᠃ ᠡᠪᠡᠳᠴᠢᠨ ᠦᠵᠡᠭᠦᠯᠬᠦ ᠳᠡᠭᠡᠨ ᠥᠪᠡᠷ ᠢᠶᠠᠨ ᠲᠡᠷᠭᠡ | ᠵᠢᠯᠣᠭᠤᠳᠬᠤ᠂ 120 ᠪᠠᠴᠢᠮ ᠠᠪᠤᠷᠠᠯᠳᠠ ᠶᠢᠨ ᠲᠡᠷᠭᠡ᠂ ᠡᠰᠡᠬᠦᠯ᠎ᠡ ᠨᠡᠶᠢᠭᠡᠮ ᠲᠣᠭᠤᠷᠢᠭ ᠤᠨ ᠬᠠᠪᠰᠤᠷᠤᠯᠭ᠎ᠠ | ᠳᠣᠤᠷ᠎ᠠ᠂ N 95 ᠠᠮᠠᠪᠴᠢ ᠵᠡᠭᠦᠵᠦ ᠡᠮᠨᠡᠯᠭᠡ ᠳᠤ ᠬᠦᠷᠴᠦ ᠡᠮᠨᠡᠭᠦᠯᠦᠭᠡᠷᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠶᠢᠯᠠᠭᠠᠵᠤ ᠳᠡᠮᠵᠢᠭᠰᠡᠨ ᠳᠤ ᠴᠢᠩ ᠰᠡᠳᠬᠢᠯ ᠠᠴᠠ | ᠪᠠᠨ ᠲᠠᠯᠠᠷᠬᠠᠵᠤ ᠪᠠᠶᠢᠨ᠎ᠠ᠂ ᠥᠷᠭᠡᠨ ᠤᠯᠠᠨ ᠨᠠᠰᠤᠲᠠᠶᠢᠴᠤᠳ ᠤᠨ ᠪᠡᠶ᠎ᠡ ᠮᠠᠬᠠᠪᠣᠳ ᠡᠷᠡᠭᠦᠯ ᠴᠢᠭᠢᠷᠠᠭ᠂ ᠭᠡᠷ | ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠬᠦᠰᠡᠨ ᠵᠥᠩᠨᠡᠵᠦ ᠪᠠᠶᠢᠨ᠎ᠠ ! | ᠰᠥᠨᠢᠳ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠤᠨ ᠵᠢᠯᠣᠭᠤᠳᠬᠤ ᠬᠡᠯᠲᠡᠰ | 2022 ᠣᠨ ᠤ 12 ᠰᠠᠷ᠎ᠠ ᠶᠢᠨ 11 ᠤ ᠡᠳᠦᠷ |