ᠰᠢᠯᠢᠳᠡᠭ ᠡᠭᠦᠯᠳᠡᠷ ᠤᠨ ᠰᠥᠨᠢᠳ ᠬᠤᠨᠢ ᠦᠰᠭᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/12/16
   ᠰᠥᠨᠢᠳ ᠬᠤᠨᠢᠨ ᠤ ᠰᠢᠯᠢᠳᠡᠭ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠴᠡᠪᠡᠷ ᠡᠭᠦᠯᠳᠡᠷ ᠤᠨ ᠰᠥᠨᠢᠳ ᠬᠤᠨᠢ ᠰᠣᠩᠭᠤᠨ ᠪᠣᠶᠢᠵᠢᠭᠤᠯᠬᠤ ᠠᠵᠢᠯ ᠢ ᠰᠠᠶᠢᠲᠤᠷ ᠠᠳᠬᠤᠵᠤ᠂ ᠰᠥᠨᠢᠳ ᠬᠤᠨᠢᠨ ᠤ ᠲᠦᠯᠯᠡᠬᠦ ᠤᠳᠠᠭ᠎ᠠ ᠳᠤᠭ᠎ᠠ ᠶᠢ ᠨᠡᠮᠡᠭᠳᠡᠬᠦᠯᠬᠦ ᠪᠠ ᠢᠬᠢᠷ᠎ᠡ ᠲᠦᠯᠯᠡᠬᠦ ᠰᠢᠯᠢᠳᠡᠭ ᠡᠭᠦᠯᠳᠡᠷ ᠤᠨ ᠰᠢᠰᠲ᠋ᠧᠮ  ᠢ ᠪᠣᠶᠢᠵᠢᠭᠤᠯᠵᠤ᠂ ᠰᠥᠨᠢᠳ ᠬᠤᠨᠢᠨ ᠤ ᠦᠷᠡᠵᠢᠯ ᠤᠨ ᠴᠢᠳᠠᠪᠦᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠤᠵᠢ ᠶᠠᠮᠤᠨ ᠤ ᠲᠠᠰ ᠤᠨ ᠬᠠᠮᠳᠤᠷᠠᠨ ᠪᠠᠶᠢᠭᠤᠯᠤᠭᠰᠠᠨ ᠮᠠᠯ ᠤᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠶᠢᠵᠢᠭᠤᠯᠬᠤ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠲᠠᠢ ᠬᠠᠮᠲᠤᠷᠠᠨ ᠮᠠᠨ ᠤ ᠬᠤᠰᠢᠭᠤᠨ ᠤ ᠰᠢᠯᠢᠳᠡᠭ ᠡᠭᠦᠯᠳᠡᠷ ᠤᠨ ᠰᠥᠨᠢᠳ ᠬᠤᠨᠢᠨ ᠤ ᠲᠠᠯᠠᠪᠠᠢ ᠳᠤ ᠬᠤᠨᠢᠨ ᠤ ᠬᠥᠪᠦᠷᠡᠯ ᠰᠢᠯᠵᠢᠭᠦᠯᠬᠦ ᠠᠵᠢᠯ ᠦᠷᠨᠢᠭᠦᠯᠵᠡᠢ᠃
  ᠤᠶᠢᠯᠠᠭᠠᠭᠰᠠᠨ ᠢᠶᠠᠷ᠂ ᠲᠥᠪᠯᠡᠷᠡᠭᠦᠯᠦᠨ ᠪᠣᠷᠳᠤᠭ᠎ᠠ ᠨᠥᠬᠦᠪᠥᠷᠢᠯᠡᠬᠦ᠂ ᠴᠢᠰᠤᠨ ᠴᠠᠶᠢᠪᠠᠩ ᠳᠠᠷᠢᠬᠤ ᠵᠡᠷᠭᠡ ᠡᠮᠦᠨ᠎ᠡ ᠬᠤᠭᠤᠴᠠᠭᠠᠨ ᠤ ᠪᠡᠯᠡᠳᠬᠡᠯ ᠠᠵᠢᠯ ᠢᠶᠠᠷ ᠳᠠᠮᠵᠢᠨ᠂ ᠬᠦᠪᠦᠷᠡᠯ ᠬᠠᠩᠭᠠᠬᠤ ᠡᠮ᠎ᠡ ᠬᠤᠨᠢᠨ ᠤ ᠬᠢᠷᠢ ᠳᠡᠩᠴᠡᠭᠰᠡᠨ ᠬᠦᠪᠦᠷᠡᠯ ᠬᠠᠩᠭᠠᠬᠤ ᠶᠢ ᠪᠠᠳᠤᠯᠠᠵᠤ᠂ ᠳᠤᠰ ᠤᠳᠠᠭ᠎ᠠ ᠤᠯᠠᠨ ᠲᠥᠯᠯᠡᠬᠦ ᠭᠧᠨ ᠲᠠᠢ 40 ᠡᠮ᠎ᠡ ᠬᠤᠨᠢᠨ ᠠᠴᠠ 200 ᠡᠮ᠎ᠡ ᠬᠤᠨᠢᠨ ᠳᠤ  ᠬᠦᠪᠦᠷᠡᠯ ᠰᠢᠯᠵᠢᠬᠦᠯᠵᠡᠢ᠃ ᠬᠤᠨᠢᠨ ᠤ ᠬᠦᠪᠦᠷᠡᠯ ᠰᠢᠯᠵᠢᠭᠦᠯᠬᠦ ᠮᠡᠷᠭᠡᠵᠢᠯ ᠪᠣᠯ ᠰᠢᠯᠢᠳᠡᠭ ᠡᠭᠦᠯᠳᠡᠷ ᠤᠨ ᠬᠤᠨᠢᠨ ᠤ ᠦᠷ᠎ᠡ ᠲᠣᠭᠲᠠᠭᠰᠠᠨ ᠥᠨᠳᠡᠭᠡ ᠶᠢ ᠠᠪᠴᠤ᠂ ᠡᠩ ᠤᠨ ᠬᠤᠨᠢᠨ ᠤ ᠪᠡᠶ᠎ᠡ  ᠳᠤ ᠰᠢᠯᠵᠢᠭᠦᠯᠬᠦ ᠪᠠᠷ ᠳᠠᠮᠵᠢᠨ ᠰᠢᠯᠢᠳᠡᠭ ᠡᠭᠦᠯᠳᠡᠷ ᠤᠨ ᠮᠠᠯ ᠤᠨ ᠦᠷᠡᠵᠢᠯᠳᠡ ᠦᠰᠦᠯᠳᠡ ᠶᠢ ᠲᠦᠷᠭᠡᠳᠬᠡᠨ᠂ ᠰᠢᠯᠢᠳᠡᠭ ᠡᠭᠦᠯᠳᠡᠷ ᠤᠨ ᠡᠮ᠎ᠡ ᠬᠤᠨᠢᠨ ᠤ ᠠᠰᠢᠭᠯᠠᠯᠲᠠ ᠶᠢᠨ ᠨᠣᠷᠮ᠎ᠠ ᠵᠢᠴᠢ ᠬᠤᠨᠢᠨ ᠰᠦᠷᠦᠭ ᠤᠨ ᠶᠠᠰᠤ ᠴᠢᠨᠠᠷ ᠢ ᠳᠡᠭᠡᠭᠰᠢᠯᠡᠭᠦᠯᠬᠦ ᠶᠠᠪᠤᠳᠠᠯ ᠪᠤᠯᠤᠨ᠎ᠠ᠃
  ᠮᠠᠨ ᠤ ᠬᠤᠰᠢᠭᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠤᠵᠢ ᠶᠠᠮᠤᠨ ᠤ ᠲᠠᠰ ᠤᠨ ᠬᠠᠮᠲᠤᠷᠠᠨ ᠪᠠᠶᠢᠭᠤᠯᠤᠭᠰᠠᠨ ᠮᠠᠯ ᠤᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠶᠢᠵᠢᠭᠤᠯᠬᠤ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠯᠤᠭ᠎ᠠ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ︽ᠤᠯᠠᠨ ᠲᠥᠯᠯᠡᠵᠦ ᠠᠷᠪᠢᠨ ᠬᠤᠷᠠᠭᠠᠯᠠᠳᠠᠭ ᠰᠥᠨᠢᠳ ᠬᠤᠨᠢᠨ ᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠥᠷᠥᠯ ᠵᠦᠶᠯ︾ ᠢ ᠬᠡᠷᠡᠭᠵᠢᠭᠦᠯᠦᠭᠰᠡᠨ ᠪᠠᠶᠢᠨ᠎ᠠ᠃ ᠲᠣᠰ ᠲᠥᠷᠥᠯ ᠵᠦᠶᠯ ᠢ ᠬᠡᠷᠡᠭᠵᠢᠭᠦᠯᠬᠦ ᠪᠠᠷ ᠳᠡᠮᠵᠢᠨ᠂ ᠰᠥᠨᠢᠳ ᠬᠤᠨᠢᠨ ᠤ ᠲᠦᠯᠯᠡᠬᠦ ᠤᠳᠠᠭ᠎ᠠ ᠳᠤᠭ᠎ᠠ ᠶᠢ ᠨᠡᠮᠡᠭᠳᠡᠬᠦᠯᠬᠦ ᠪᠠ ᠢᠬᠢᠷ᠎ᠡ ᠲᠦᠯᠯᠡᠬᠦ ᠰᠢᠯᠢᠳᠡᠭ ᠡᠭᠦᠯᠳᠡᠷ ᠤᠨ ᠰᠢᠰᠲ᠋ᠧᠮ ᠢ ᠪᠣᠶᠢᠵᠢᠭᠤᠯᠵᠤ᠂ ᠣᠲᠣ ᠶᠢᠨ ᠪᠠᠶᠢᠭ᠎ᠠ ︽ᠰᠢᠯᠢᠳᠡᠭ ᠡᠭᠦᠯᠳᠡᠷ ᠤᠨ ᠲᠠᠯᠠᠪᠠᠶ + ᠥᠷᠭᠡᠳᠬᠡᠨ ᠦᠷᠡᠵᠢᠭᠦᠯᠬᠦ ᠲᠠᠯᠠᠪᠠᠶ + ᠭᠤᠤᠯᠳᠠᠯᠭᠠᠲᠦ ᠰᠦᠷᠦᠭ︾ ᠤᠨ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠳᠤ ᠲᠦᠰᠢᠭᠯᠡᠨ᠂ ᠬᠤᠶᠠᠳᠤᠭᠠᠷ ᠳᠡᠰ ᠤᠨ ᠥᠷᠭᠡᠳᠬᠡᠨ ᠦᠷᠡᠵᠢᠭᠦᠯᠬᠦ 9 ᠲᠠᠯᠠᠪᠠᠶ ᠪᠠ ᠰᠥᠨᠢᠳ ᠬᠤᠨᠢ ᠮᠠᠯᠵᠢᠬᠤ 40 — 50 ᠡᠷᠦᠬᠡ ᠶᠢ ᠨᠥᠯᠥᠭᠡᠯᠡᠨ ᠳᠠᠶᠢᠴᠢᠯᠠᠵᠤ᠂ ᠤᠯᠠᠨ ᠲᠥᠯᠯᠡᠵᠦ ᠠᠷᠪᠢᠨ ᠬᠤᠷᠠᠭᠠᠯᠠᠳᠠᠭ ᠬᠤᠨᠢ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠭᠠᠵᠠᠷ ᠣᠷᠣᠨ ᠤ ᠬᠤᠨᠢᠨ ᠤ ᠠᠵᠤ ᠦᠶᠯᠡᠰ ᠤᠨ ᠬᠥᠭᠵᠢᠯᠲᠡ ᠶᠢ ᠳᠠᠶᠢᠴᠢᠯᠠᠬᠤ ᠪᠤᠯᠤᠨ᠎ᠠ᠃ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠳᠤ ᠰᠢᠯᠢᠳᠡᠭ ᠡᠭᠦᠯᠳᠡᠷ ᠤᠨ ᠬᠤᠴᠠ 150 ᠶᠢ ᠭᠠᠷᠭᠠᠵᠤ᠂ 40 —50 ᠡᠷᠦᠬᠡ ᠶᠢ ᠳᠠᠶᠢᠴᠢᠯᠠᠨ᠂ 6000 ᠡᠮ᠎ᠡ ᠬᠤᠨᠢᠨ ᠳᠤ ᠬᠡᠭᠡᠯᠲᠦᠭᠦᠯᠭᠡ ᠬᠢᠵᠦ᠂ ᠦᠷᠡᠵᠢᠯᠲᠡ ᠶᠢᠨ ᠨᠣᠷᠮ᠎ᠠ ᠶᠢ 50 % ᠪᠠᠷ ᠳᠡᠭᠡᠭᠰᠢᠯᠡᠭᠦᠯᠦᠨ᠂ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号