︽ᠬᠦᠨᠳᠦ︾ ᠪᠡᠯᠡᠭ ᠢᠶᠠᠷ ︽ᠬᠦᠨᠳᠦᠳᠭᠡᠯ︾ ᠢᠶᠠᠨ ᠢᠯᠡᠷᠭᠡᠶᠢᠯᠡᠯ᠎ᠡ
ᠨᠡᠶᠢᠲᠡᠯᠡᠭᠰᠡᠨ ᠴᠠᠭ᠄
2022/12/16
   ᠠᠷᠠᠳ ᠲᠦᠮᠡᠨ ᠬᠠᠮᠢᠭ᠎ᠠ ᠪᠠᠶᠢᠪᠠᠯ ᠲᠡᠨᠳᠡ ᠬᠦᠷᠴᠦ ᠳᠤᠭᠯᠠᠯᠳᠠ ᠤᠬᠠᠭᠤᠯᠭ᠎ᠠ ᠪᠠᠨ ᠬᠢᠵᠦ ᠰᠠᠶᠢᠨ ᠳᠤᠷ᠎ᠠ ᠶᠢᠨ ᠦᠢᠯᠡᠴᠢᠯᠡᠭᠡ ᠦᠷᠨᠢᠬᠦᠯᠳᠡᠭ ᠤᠯᠠᠭᠠᠨᠮᠦ᠋ᠴᠢᠷ ᠮᠠᠨᠢ ᠠᠷᠠᠳ ᠤᠯᠠᠨ ᠤ ᠪᠠᠨ ᠳᠤᠮᠳᠠ ︽ᠮᠠᠨ ᠤ ᠤᠯᠠᠭᠠᠨᠮᠦ᠋ᠴᠢᠷ︾ ᠭᠡᠮᠡᠨ ᠳᠤᠳᠤᠨᠤᠴᠢᠯᠠᠭᠳᠠᠭᠰᠠᠭᠠᠷ ᠵᠢᠷᠠᠭᠠᠳ ᠬᠠᠪᠤᠷ ᠨᠠᠮᠤᠷ ᠢ ᠤᠭᠳᠤᠵᠤ ᠦᠳᠡᠨ ᠦᠨᠦᠳᠦᠷ ᠲᠤ ᠬᠦᠷᠦᠭᠰᠡᠨ ᠶᠤᠮ ᠃ ᠤᠯᠠᠭᠠᠨᠮᠦ᠋ᠴᠢᠷ ᠲᠠᠢ ᠪᠠᠨ ᠨᠠᠰᠤ ᠬᠤᠷᠠᠭ ᠮᠠᠨᠳᠤᠬᠤ ᠭᠤᠸᠠᠢ ᠰᠡᠳᠬᠢᠯ ᠭᠠᠷᠭᠠᠨ ᠤᠷᠠᠯᠠᠭᠰᠠᠨ ᠨᠠᠨᠳᠢᠨ ᠪᠡᠯᠡᠭ  ᠢᠶᠠᠨ ᠬᠤᠰᠢᠭᠤ ᠤᠯᠠᠭᠠᠨᠮᠦ᠋ᠴᠢᠷ ᠲᠤ ᠬᠦᠷᠭᠡᠯ᠎ᠡ᠃    ᠬᠤᠰᠢᠭᠤ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠮᠠᠨᠳᠤᠬᠤ ᠭᠤᠸᠠᠢ ᠠᠪᠠᠭᠠᠢ ᠲᠠᠢ ᠪᠠᠨ ᠤᠯᠠᠭᠠᠨᠮᠦ᠋ᠴᠢᠷ ᠲᠤ ᠬᠦᠷᠴᠦ᠂ ᠵᠦᠩᠨᠡᠯ ᠬᠠᠶᠢᠷ᠎ᠠ ᠪᠠᠨ ᠰᠢᠩᠭᠡᠭᠡᠨ ᠤᠷᠠᠯᠠᠭᠰᠠᠨ ᠶᠠᠰᠤᠨ ᠰᠡᠶᠢᠯᠦᠮᠡᠯ ᠤᠨ ᠪᠦᠲᠦᠭᠡᠯ ᠢᠶᠠᠷ ᠢᠶᠠᠨ ᠤᠯᠠᠭᠠᠨᠮᠥ᠋ᠴᠢᠷ ᠪᠠᠶᠢᠭᠤᠯᠤᠭᠳᠠᠭᠰᠠᠨ 65 ᠵᠢᠯ ᠤᠨ ᠤᠢ ᠳᠤ ᠪᠡᠯᠡᠭ ᠪᠠᠷᠢᠯ᠎ᠠ᠃ ᠤᠶᠢᠯᠠᠭᠠᠭᠰᠠᠨ ᠢᠶᠠᠷ᠂ ᠮᠠᠨᠳᠤᠬᠤ ᠭᠤᠸᠠᠢ ᠬᠠᠯᠠᠭᠤᠨ ᠬᠤᠰᠢᠭᠤᠳᠤ ᠬᠠᠷ᠎ᠠ ᠬᠠᠯᠵᠠᠨ ᠬᠤᠨᠢᠨ ᠤ ᠬᠠ ᠶᠢᠨ ᠭᠤᠷᠪᠠᠨ ᠶᠠᠰᠤ ᠪᠠᠷ ᠤᠷᠠᠯᠠᠵᠤ ᠬᠢᠭᠰᠡᠨ᠂ ᠤᠷᠤᠭᠰᠢᠯᠠᠨ ᠳᠠᠪᠰᠢᠵᠤ ᠦᠭᠡᠳᠡᠯᠡᠨ ᠮᠠᠨᠳᠤᠬᠤ ᠶᠢ ᠪᠡᠯᠭᠡᠳᠡᠭᠰᠡᠨ ᠡᠨᠡᠬᠦ ᠪᠦᠲᠦᠭᠡᠯ  ᠳᠤ ᠪᠠᠨ ︽ᠤᠤᠭᠠᠨ ᠤᠯᠠᠭᠠᠨᠮᠦ᠋ᠴᠢᠷ︾ ᠭᠡᠬᠦ ᠳᠡᠮᠳᠡᠭ ᠵᠢᠴᠢ ︽65︾ ᠭᠡᠬᠦ ᠳᠤᠭ᠎ᠠ ᠶᠢ ᠦᠭᠡᠷ ᠤᠨ ᠶᠠᠰᠤ ᠪᠠᠷ ᠰᠡᠶᠢᠯᠵᠦ᠂ ᠠᠷᠠᠳ ᠲᠦᠮᠡᠨ ᠤ ᠪᠠᠨ ᠵᠢᠷᠦᠬᠡ ᠰᠡᠳᠬᠢᠯ ᠳᠤ ᠬᠦᠨᠳᠦᠳᠬᠡᠯᠳᠡᠢ ᠪᠦᠬᠦ ᠤᠯᠤᠰ ᠤᠨ ᠤᠤᠭᠠᠨ ᠤᠯᠠᠭᠠᠨᠮᠦ᠋ᠴᠢᠷ ᠪᠠᠶᠢᠭᠤᠯᠤᠭᠳᠠᠭᠰᠠᠨ 65 ᠵᠢᠯ ᠤᠨ ᠤᠢ ᠳᠤ ᠪᠡᠯᠡᠭ ᠪᠤᠯᠭᠠᠨ ᠡᠷᠭᠦᠭᠰᠡᠨ ᠪᠠᠶᠢᠨ᠎ᠠ᠃ ᠮᠦᠨ ᠡᠨᠡ ᠳᠤᠮᠳᠠ ᠤᠨᠴᠠᠭᠠᠶᠢᠯᠠᠨ ᠳᠤᠷᠠᠳᠤᠭᠤᠰᠢᠳᠠᠢ ᠨᠢ ᠲᠡᠷᠡ ᠶᠠᠰᠤᠨ ᠤᠷᠠᠯᠠᠯ ᠠᠩᠬ᠎ᠠ ᠡᠬᠢᠯᠡᠵᠦ ᠤᠷᠤᠯᠳᠤᠬᠤ ᠦᠶ᠎ᠡ ᠳᠤ  ᠪᠠᠨ ᠬᠢᠭᠰᠡᠨ ᠠᠩᠬᠠᠨ ᠤ ᠪᠦᠲᠦᠭᠡᠯ  ᠪᠤᠯᠬᠤ — ︽ᠮᠤᠷᠢᠨ ᠬᠤᠭᠤᠷ︾ ᠢᠶᠠᠨ ᠳᠤᠰ ᠪᠦᠲᠦᠭᠡᠯ ᠳᠤ ᠪᠠᠨ ᠤᠷᠤᠭᠤᠯᠵᠤ ᠬᠢᠭᠰᠡᠨ ᠨᠢ᠂ ᠮᠠᠨᠳᠤᠬᠤ ᠭᠤᠸᠠᠢ ᠶᠢᠨ ᠰᠡᠳᠬᠢᠯ ᠳᠤ ︽ᠤᠯᠠᠭᠠᠨᠮᠦ᠋ᠴᠢᠷ︾ ᠬᠡᠴᠢᠨᠡᠨ ᠬᠦᠨᠳᠦᠳᠬᠡᠯ  ᠲᠠᠢ ᠪᠠᠶᠢᠭ᠎ᠠ ᠶᠢ ᠬᠠᠷᠠᠭᠤᠯᠵᠤ ᠪᠠᠶᠢᠭ᠎ᠠ ᠶᠤᠮ᠃
   ᠲᠤᠬᠠᠢ ᠶᠢᠨ ᠦᠶ᠎ᠡ ᠳᠤ ᠭᠠᠭᠴᠠ ᠮᠤᠷᠢᠨ ᠳᠡᠷᠭᠡᠨ ᠳᠤ ᠪᠠᠭᠳᠠᠯᠴᠠᠨ ᠶᠠᠪᠤᠳᠠᠭ ᠪᠠᠶᠢᠭᠰᠠᠨ ᠤᠳᠬ᠎ᠠ ᠤᠷᠠᠯᠢᠭ ᠤᠨ ᠠᠩᠭᠢ ᠡᠳᠦᠭᠡ  ᠪᠤᠯᠬᠤ ᠳᠤ ᠨᠢᠭᠡᠨᠲᠡ ᠪᠦᠬᠦ ᠤᠯᠤᠰ ᠳᠠᠶᠠᠭᠠᠷ ᠠᠯᠳᠠᠷᠰᠢᠭᠰᠠᠨ ᠥᠪᠡᠷᠮᠢᠴᠡ ᠤᠳᠬ᠎ᠠ ᠤᠷᠠᠯᠢᠭ ᠤᠨ ᠪᠦᠯᠬᠦᠮ ᠪᠣᠯᠣᠨ ᠬᠥᠭᠵᠢᠵᠦ᠂ 65 ᠵᠢᠯ ᠤᠨ ᠲᠤᠷᠰᠢ᠂ ︽ᠳᠤᠭᠯᠠᠬᠤ᠂ ᠤᠬᠠᠭᠤᠯᠬᠤ᠂  ᠵᠢᠯᠤᠭᠤᠳᠬᠤ᠂ ᠦᠢᠯᠡᠴᠢᠯᠡᠬᠦ᠂ ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ᠂ ᠭᠠᠳᠠᠭᠠᠳᠤ ᠲᠠᠢ ᠰᠣᠯᠢᠯᠴᠠᠭ᠎ᠠ ᠬᠢᠵᠦ ᠲᠣᠭᠯᠠᠯᠲᠠ ᠭᠠᠷᠭᠠᠬᠤ᠂ ᠤᠯᠠᠮᠵᠢᠯᠠᠨ ᠵᠠᠯᠭᠠᠮᠵᠢᠯᠠᠬᠤ︾ ᠨᠠᠢᠮᠠᠨ ᠶᠡᠭᠡ ᠴᠢᠳᠠᠮᠵᠢ ᠶᠢ ᠭᠦᠢᠴᠡᠳ ᠪᠠᠳᠠᠷᠠᠭᠤᠯᠵᠤ᠂ ︽ᠤᠯᠠᠭᠠᠨᠮᠥ᠋ᠴᠢᠷ +︾ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠤᠨ ᠰᠢᠰᠲ᠋ᠧᠮ ᠢ ᠬᠠᠶᠢᠨ ᠰᠦᠪᠡᠭᠴᠢᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠵᠡᠷᠭᠡ ᠴᠢᠬᠤᠯᠠ ᠶᠡᠭᠡ ᠭᠤᠣᠯ ᠰᠡᠳᠦᠪ ᠤᠨ ᠲᠣᠭᠤᠷᠢᠨ ᠳᠤ ᠶᠡᠷᠦᠩᠬᠡᠶᠢᠯᠡᠭᠰᠡᠨ ᠦᠢᠯᠡᠴᠢᠯᠡᠭᠡ ᠥᠷᠨᠢᠭᠦᠯᠵᠦ᠂ ᠳᠠᠭᠤᠤ ᠤᠷᠠᠯᠢᠭ ᠪᠠᠶᠠᠷ ᠪᠠᠶᠠᠰᠤᠯ ᠢ ᠮᠠᠯᠴᠢᠨ ᠲᠦᠮᠡᠨ ᠳᠤ ᠬᠦᠷᠭᠡᠵᠦ᠂ ᠨᠠᠮ ᠤᠨ ᠲᠠᠭᠤᠨ ᠢ ᠤᠯᠠᠮᠵᠢᠯᠠᠨ᠂ ︽ᠪᠠᠭ᠎ᠠ ᠡᠩᠨᠡᠭᠡᠨ︾ ᠤ ︽ᠳᠤᠮᠤ ᠡᠬᠦᠷᠭᠡ︾ ᠶᠢ ᠦᠢᠯᠡᠳᠦᠯᠭᠡᠵᠢᠬᠦᠯᠬᠦ ᠪᠠᠨ ᠪᠠᠷᠢᠮᠳᠠᠯᠠᠭᠰᠠᠭᠠᠷ ᠢᠷᠡᠭᠰᠡᠨ ᠶᠤᠮ᠃
  ᠰᠤᠷᠪᠤᠯᠵᠢᠯᠠᠭ᠎ᠠ᠄ ᠬᠤᠰᠢᠭᠤ ᠤᠯᠠᠭᠠᠨᠮᠥ᠋ᠴᠢᠷ ᠤᠨ ᠳᠠᠷᠤᠭ᠎ᠠ ᠵᠠᠨ᠎ᠠ ︵ᠮᠠᠨᠳᠤᠬᠤ ᠪᠠᠭᠰᠢ ᠶᠢᠨ ᠤᠯᠠᠭᠠᠨᠮᠥ᠋ᠴᠢᠷ ᠲᠤ ᠬᠦᠷᠭᠡᠭᠰᠡᠨ ᠡᠨᠡ ᠬᠦ ᠪᠡᠯᠡᠭ ᠢᠶᠠᠷ ᠳᠡᠮᠵᠢᠨ᠂ ᠪᠢᠳᠡ ᠮᠠᠨ ᠤ ᠤᠯᠠᠭᠠᠨᠮᠥ᠋ᠴᠢᠷ ᠤᠨ ᠠᠷᠠᠳ ᠲᠦᠮᠡᠨ ᠤ ᠰᠡᠳᠬᠢᠯ ᠵᠢᠷᠦᠬᠡᠨ ᠳᠠᠬᠢ ᠪᠠᠶᠢᠷᠢ ᠰᠠᠭᠤᠷᠢ ᠶᠢ ᠣᠶᠢᠯᠠᠭᠠᠵᠤ᠂ ᠲᠡᠭᠦᠨᠴᠢᠯᠡᠨ ᠡᠨᠡ ᠬᠦ ᠪᠦᠲᠦᠭᠡᠯ ᠢᠶᠠᠷ ᠳᠠᠮᠵᠢᠵᠤ᠂ ᠪᠢᠳᠡ ᠪᠠᠰᠠ ᠲᠡᠳᠡᠨ ᠤ ᠪᠢᠳᠡᠨ ᠢ ᠮᠡᠳᠡᠷᠡᠵᠦ ᠪᠠᠶᠢᠬᠤ ᠶᠢ ᠤᠶᠢᠯᠠᠭᠠᠵᠤ ᠪᠠᠶᠢᠨ᠎ᠠ᠂ ᠨᠦᠬᠦᠭᠡ ᠲᠠᠯ᠎ᠠ ᠪᠠᠷ ᠤᠯᠠᠭᠠᠨᠮᠥ᠋ᠴᠢᠷ ᠤᠨ ᠥᠨᠥᠳᠥᠷ ᠤᠨ ᠠᠮᠵᠢᠯᠲᠠ ᠥᠷᠭᠡᠨ ᠤᠯᠠᠨ ᠮᠠᠯᠴᠢᠨ ᠲᠠᠷᠢᠶᠠᠴᠢᠨ ᠤ ᠬᠠᠪᠰᠤᠷᠤᠯᠭ᠎ᠠ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠵᠠᠯᠭᠠᠭᠠᠳ ᠪᠢᠳᠡ ᠨᠡᠩ ᠤᠯᠠᠨ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠵᠣᠬᠢᠶᠠᠨ ᠪᠦᠲᠦᠭᠡᠵᠦ᠂ ᠰᠣᠶᠣᠯ ᠤᠨ ᠰᠣᠳᠣᠨ ᠪᠦᠲᠦᠭᠡᠯ ᠢ ᠮᠠᠯᠴᠢᠨ ᠲᠠᠷᠢᠶᠠᠴᠢᠨ ᠤ ᠳᠤᠮᠳᠠ ᠬᠦᠷᠭᠡᠵᠦ᠂ ᠥᠨᠢ ᠡᠭᠦᠷᠢᠳᠡ ︽ᠮᠠᠨ ᠤ ᠤᠯᠠᠭᠠᠨᠮᠥ᠋ᠴᠢᠷ︾ ᠪᠣᠯᠬᠤ ᠪᠣᠯᠣᠨ᠎ᠠ᠃︶
   ᠰᠢᠨ᠎ᠡ ᠴᠠᠭ ᠦᠶ᠎ᠡ ᠳᠤ ᠤᠯᠠᠭᠠᠨᠮᠥ᠋ᠴᠢᠷ ᠮᠠᠨᠢ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠳᠦᠰᠦᠨ ᠱᠠᠲᠤᠨ ᠤ ᠥᠷᠭᠡᠨ ᠤᠯᠠᠨ ᠮᠠᠯᠴᠢᠨ ᠲᠠᠷᠢᠶᠠᠴᠢᠨ ᠳᠤ ᠦᠢᠯᠡᠴᠢᠯᠡᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ  ᠰᠠᠨᠠᠭ᠎ᠠ ᠪᠠᠷ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠬᠤᠪᠢ ᠨᠡᠮᠡᠷᠢ ᠦᠵᠡᠭᠦᠯᠵᠦ᠂ ᠠᠷᠠᠳ ᠤᠯᠠᠨ ᠤ ᠬᠠᠯᠠᠮᠵᠢ ᠳᠡᠮᠵᠢᠯᠬᠡ᠂ ᠢᠳᠡᠭᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠷ ᠦᠨᠡᠨ ᠰᠡᠳᠬᠢᠯ ᠠᠴᠠ ᠪᠠᠨ ᠠᠷᠠᠳ ᠲᠦᠮᠡᠨ ᠳᠤ  ᠦᠢᠯᠡᠴᠢᠯᠡᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号