ᠰᠥᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠲᠠᠷᠢᠯᠭ᠎ᠠ ᠶᠢᠨ ᠴᠡᠭ ᠲᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/16
   12 ᠰᠠᠷ᠎ᠠ ᠶᠢᠨ 12 ᠤᠨ ᠡᠳᠦᠷ ᠠᠴᠠ ᠡᠬᠢᠯᠡᠨ ︵ᠭᠠᠷᠠᠭ ᠤᠨ ᠨᠢᠭᠡᠨ ᠠᠴᠠ ᠭᠠᠷᠠᠭ ᠤᠨ ᠡᠳᠦᠷ ᠪᠣᠯᠲᠠᠯ᠎ᠠ︶ ᠂ ᠰᠥᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠲᠠᠷᠢᠯᠭ᠎ᠠ ᠶᠢᠨ ᠴᠡᠭ ᠢ ᠬᠠᠭᠤᠴᠢᠨ ᠮᠣᠩᠭᠤᠯ ᠡᠮᠨᠡᠯᠭᠡ ᠶᠢᠨ ᠬᠤᠷᠢᠶᠠᠨ ᠠᠴᠠ ᠰᠠᠶᠢᠬᠠᠨᠲᠠᠯ᠎ᠠ ᠪᠠᠯᠭᠠᠰᠤᠨ ᠤ ᠨᠢᠭᠡᠳᠦᠭᠡᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠲᠤ ᠰᠢᠯᠵᠢᠭᠦᠯᠦᠨ᠎ᠡ᠃ 12 ᠰᠠᠷ᠎ᠠ ᠶᠢᠨ 12  ᠤᠨ ᠡᠳᠦᠷ ᠤᠨ ᠦᠳᠡ ᠶᠢᠨ ᠡᠮᠦᠨ᠎ᠡ ᠨᠡᠭᠦᠵᠦ᠂ ᠦᠳᠡ ᠶᠢᠨ ᠬᠤᠶᠢᠨ᠎ᠠ ᠠᠴᠠ ᠡᠬᠢᠯᠡᠨ ᠲᠠᠷᠢᠯᠭ᠎ᠠ ᠬᠢᠬᠦ ᠪᠣᠯᠬᠤᠷ ᠣᠯᠠᠨ ᠢᠶᠠᠷ ᠢᠶᠠᠨ ᠬᠠᠷᠢᠯᠴᠠᠨ ᠳᠠᠮᠵᠢᠭᠤᠯᠬᠤ ᠶᠢ ᠬᠦᠰᠡᠵᠦ ᠪᠠᠶᠢᠨ᠎ᠠ᠃    ᠲᠠᠷᠢᠯᠭ᠎ᠠ ᠬᠢᠬᠦ ᠴᠠᠭ᠄ ᠦᠳᠡ ᠶᠢᠨ ᠡᠮᠦᠨ᠎ᠡ 8᠄ 30-11᠄ 30᠂ ᠦᠳᠡ ᠶᠢᠨ ᠬᠤᠶᠢᠨ᠎ᠠ 14᠄ 30-17᠄ 30    ᠲᠠᠷᠢᠯᠭ᠎ᠠ ᠬᠢᠬᠦ ᠭᠠᠵᠠᠷ᠄ ᠰᠠᠶᠢᠬᠠᠨᠲᠠᠯ᠎ᠠ ᠪᠠᠯᠭᠠᠰᠤᠨ ᠤ ᠨᠢᠭᠡᠳᠦᠭᠡᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ  ᠤᠨ ᠦᠶᠯᠡᠴᠢᠯᠡᠭᠡᠨ ᠤ ᠲᠥᠪ    ᠣᠶᠢᠷ᠎ᠠ ᠶᠢᠨ ᠬᠤᠭᠤᠴᠠᠭᠠᠨ ᠳᠤ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠬᠢᠵᠢᠭ ᠤᠨ ᠪᠠᠶᠢᠳᠠᠯ ᠭᠠᠷᠴᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠤᠨᠳᠤᠤᠰᠢᠭᠰᠠᠨ ᠸᠢᠷᠦ᠋ᠰ ᠤᠨ ᠲᠠᠷᠬᠠᠬᠤ ᠬᠤᠷᠳᠤᠴᠠ ᠲᠦᠷᠭᠡᠨ ᠪᠠᠶᠢᠵᠤ᠂ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠳᠤ ᠣᠷᠣᠨ ᠤ ᠳᠣᠲᠣᠨ᠎ᠠ ᠭᠠᠳᠠᠨ᠎ᠠ ᠠᠴᠠ ᠮᠠᠨ ᠤ ᠬᠤᠰᠢᠭᠤᠨ ᠳᠤ ᠪᠤᠴᠠᠭᠰᠠᠨ ᠬᠥᠮᠦᠨ ᠨᠡᠯᠢᠶᠡᠳ ᠣᠯᠠᠨ ᠪᠠᠶᠢᠵᠤ᠂ ᠰᠡᠷᠭᠡᠶᠢᠯᠡᠨ ᠡᠵᠡᠮᠳᠡᠬᠦ ᠠᠵᠢᠯ ᠳᠤ ᠨᠡᠯᠢᠶᠡᠳ ᠶᠡᠭᠡ ᠳᠠᠷᠤᠯᠲᠠ ᠪᠣᠯᠵᠠᠶ᠃ ᠨᠠᠰᠤᠲᠠᠶᠢᠴᠤᠳ᠂ ᠰᠠᠭᠤᠷᠢ ᠡᠪᠡᠳᠴᠢᠨ ᠲᠠᠢ ᠬᠥᠮᠦᠰ ᠪᠠ ᠸᠠᠺᠽᠢᠨ ᠳᠠᠷᠢᠭᠤᠯᠤᠭᠰᠠᠨ ᠥᠬᠡᠶ ᠬᠥᠮᠦᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠭᠰᠠᠨ ᠤ ᠳᠠᠷᠠᠭ᠎ᠠ ᠬᠦᠨᠳᠦ ᠡᠪᠡᠳᠴᠢᠯᠡᠬᠦ ᠲᠦᠭᠰᠢᠭᠦᠷᠢ ᠶᠡᠭᠡ ᠪᠠᠶᠢᠳᠠᠭ᠃ ᠸᠠᠺᠽᠢᠨ ᠤ ᠲᠠᠷᠢᠯᠭ᠎ᠠ ᠬᠢᠬᠦ ᠪᠣᠯ ᠮᠥᠨ ᠬᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠪᠠ ᠬᠦᠨᠳᠦ ᠡᠪᠡᠳᠬᠦ ᠶᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ ᠠᠷᠭ᠎ᠠ ᠪᠣᠯᠤᠨ᠎ᠠ᠃ ᠨᠢᠭᠡᠳᠦᠭᠡᠷ ᠵᠡᠭᠦᠦ ᠲᠠᠷᠢᠭᠤᠯᠤᠭ᠎ᠠ ᠦᠭᠡᠢ ᠪᠤᠶᠤ ᠬᠤᠶᠠᠳᠤᠭᠠᠷ ᠵᠡᠭᠦᠦ᠂ ᠴᠢᠩᠭᠠᠳᠬᠠᠬᠤ ᠵᠡᠭᠦᠦ ᠲᠠᠷᠢᠭᠤᠯᠬᠤ ᠴᠢᠬᠤᠯᠠᠲᠠᠢ ᠬᠦᠮᠦᠰ ᠲᠦᠷᠭᠡᠬᠡᠨ ᠲᠠᠷᠢᠯᠭ᠎ᠠ ᠬᠢᠯᠭᠡᠭᠡᠷᠡᠢ᠃    ᠤᠯᠤᠰ ᠡᠴᠠ‌ᠨᠢᠭᠡᠨᠲᠡ ᠪᠥᠬᠦ ᠶᠠᠪᠤᠴᠠ ᠶᠢᠨ ᠲᠠᠷᠢᠯᠭ᠎ᠠ ᠬᠢᠯᠭᠡᠭᠰᠡᠨ ᠠᠴᠠ ᠴᠢᠩᠭᠠᠳᠬᠠᠬᠤ ᠲᠠᠷᠢᠯᠭ᠎ᠠ ᠬᠢᠯᠭᠡᠬᠦ ᠬᠤᠭᠤᠴᠠᠭ᠎ᠠ ᠶᠢ 6 ᠰᠠᠷ᠎ᠠ ᠠᠴᠠ ᠳᠡᠭᠡᠭᠰᠢ ᠪᠠᠶᠢᠭᠰᠠᠨ ᠠᠴᠠ 3 ᠰᠠᠷ᠎ᠠ ᠠᠴᠠ ᠳᠡᠭᠡᠭᠰᠢ ᠪᠤᠯᠭᠠᠨ ᠲᠤᠬᠢᠷᠠᠭᠤᠯᠤᠭᠰᠠᠨ ᠪᠠᠶᠢᠨ᠎ᠠ᠃                                 ᠰᠥᠨᠢᠳ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ                                                  2022 ᠣᠨ ᠤ 12 ᠰᠠᠷ᠎ᠠ ᠶᠢᠨ 11 ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号