2023 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠤᠨ ᠲᠤᠬᠠᠢ ᠰᠦᠨᠢᠳ ᠪᠠᠷᠠᠭᠤᠨ ᠬᠤᠰᠢᠭᠤᠨ ᠤ ᠠᠷᠠᠳ  ᠤᠨ ᠵᠠᠰᠠᠭ ᠤᠨ ᠤᠷᠳᠤᠨ ᠤ ᠠᠯᠪᠠᠨ ᠵᠠᠷ
ᠨᠡᠶᠢᠲᠡᠯᠡᠭᠰᠡᠨ ᠴᠠᠭ᠄
2022/12/16
ᠦᠷᠭᠡᠨ ᠤᠯᠠᠨ ᠮᠠᠯᠴᠢᠨ ᠲᠦᠮᠡᠨ ᠳᠤ᠄     ᠪᠦᠬᠦ ᠠᠶᠢᠮᠠᠭ ᠤᠨ ᠨᠢᠬᠡᠳᠤᠯᠳᠠᠢ ᠪᠠᠶᠢᠷᠢᠯᠠᠭᠤᠯᠤᠯᠳᠠ ᠶᠤᠰᠤᠭᠠᠷ᠂ ᠮᠡᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ  ᠤᠨ ᠦᠷ᠎ᠡ ᠪᠦᠳᠤᠭᠡᠯ ᠢ ᠤᠯᠠᠮ ᠨᠢᠭᠡ ᠠᠯᠬᠤᠮ ᠪᠠᠳᠤᠳᠬᠠᠵᠦ᠂ ᠲᠠᠯ᠎ᠠ ᠨᠤᠳᠤᠭ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠤᠰᠠᠳᠠ᠂ 2023 ᠤᠨ ᠳᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠢ ᠦᠷᠬᠦᠯᠵᠢᠯᠨᠨ ᠦᠷᠨᠢᠬᠦᠯᠬᠦ ᠪᠠᠷ ᠲᠤᠭᠳᠠᠪᠡ᠃ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠢ ᠨᠢᠬᠡᠳᠤᠯᠳᠠᠢ ᠲᠦᠯᠦᠪᠵᠢᠬᠦᠯᠵᠦ ᠰᠠᠶᠢᠳᠤᠷ ᠬᠢᠬᠦ ᠶᠢᠨ ᠲᠦᠯᠦᠬᠡ᠂ ᠤᠳᠤ ᠬᠠᠮᠢᠶ᠎ᠠ ᠪᠦᠬᠦᠢ ᠵᠦᠢᠯ ᠢ ᠲᠤᠤᠷᠡᠬᠢ ᠮᠡᠳᠤ ᠵᠡᠷᠯᠠᠶ᠎ᠠ᠄ᠨᠢᠭᠡ᠂ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠴᠠᠭ ᠬᠤᠭᠤᠴᠠᠭ᠎ᠠ᠄︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯ ᠪᠡᠯᠴᠢᠬᠡᠷ ᠤᠨ ᠲᠡᠩᠴᠡᠬᠦᠷᠢ ᠶᠢ ᠪᠡᠳᠤᠯᠠᠬᠤ ᠪᠡ ᠪᠡᠯᠴᠢᠭᠡᠷᠯᠡᠬᠦᠯᠬᠦ ᠶᠢ ᠴᠠᠭᠠᠵᠠᠯᠠᠬᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠲᠦᠷᠢᠮ︾ ᠤᠨ ᠶᠢᠰᠤᠳᠤᠭᠡᠷ ᠵᠤᠷᠪᠤᠰ  ᠤᠨ ︽ᠬᠤᠰᠢᠭᠤ ᠰᠢᠶᠠᠨ ᠬᠤᠳᠠ ︵ᠲᠤᠭᠤᠷᠢᠭ︶ ᠤᠨ ᠠᠷᠠᠳ ᠤᠨ ᠵᠠᠰᠠᠭ ᠤᠨ ᠤᠷᠳᠤᠨ ᠲᠤᠬᠠᠢ ᠶᠢᠨ ᠭᠠᠵᠡᠷ  ᠤᠨ ᠠᠭᠤᠷ ᠠᠮᠢᠰᠬᠤᠯ ᠤᠨ ᠨᠦᠬᠦᠴᠠᠯ ᠪᠡ ᠪᠡᠯᠴᠢᠬᠡᠷ ᠡᠪᠡᠰᠤᠨ ᠤ ᠤᠷᠭᠤᠯᠳᠠ ᠶᠢᠨ ᠵᠢᠮ᠎ᠡ ᠶᠤᠰᠤ ᠶᠢ ᠦᠨᠳᠤᠰᠤᠯᠠᠵᠦ᠂ ᠵᠢᠯ ᠪᠦᠷᠢ ᠶᠢᠨ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠢ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭ᠎ᠠ ᠶᠢ 45 ᠡᠳᠤᠷ ᠠᠴᠠ ᠲᠤᠳᠠᠭᠤ ᠪᠠᠶᠢᠯᠭᠠᠵᠦ ᠪᠤᠯᠬᠤ ᠦᠬᠡᠢ︾ ᠵᠢᠴᠢ ︽ᠰᠢᠯᠢ  ᠶᠢᠨ ᠭᠤᠤᠯ ᠠᠶᠢᠮᠠᠭ ᠤᠨ 2023 — 2025 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠤᠨ ᠭᠡᠷᠡᠭᠵᠢᠬᠦᠯᠬᠦ ᠲᠦᠰᠦᠯ︾ ᠳᠤ ᠲᠤᠭᠳᠠᠭᠠᠭᠰᠠᠨ ᠡᠮᠤᠨᠡᠳᠤ ᠭᠡᠰᠡᠭ ᠪᠡ ᠪᠠᠷᠠᠭᠤᠨ ᠭᠡᠰᠡᠭ ᠤᠨ ᠬᠤᠰᠢᠭᠤ ᠰᠢᠶᠠᠨ ᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠵᠢᠯ ᠤᠨ ᠡᠬᠢᠯᠡᠬᠦ ᠴᠠᠭ ᠢ 4 ᠰᠠᠷ᠎ᠠ ᠶᠢᠨ 1 ᠤ ᠡᠳᠤᠷ ᠠᠴᠠ ᠡᠷᠳᠡ ᠪᠠᠶᠢᠯᠭᠠᠵᠦ ᠪᠤᠯᠬᠤ ᠦᠬᠡᠢ ᠭᠡᠰᠡᠨ ᠱᠠᠭᠠᠷᠳᠠᠯᠭ᠎ᠠ ᠶᠤᠰᠤᠭᠠᠷ᠂ ᠮᠡᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠴᠠᠭ ᠬᠤᠭᠤᠴᠠᠭ᠎ᠠ ᠶᠢ 4 ᠰᠠᠷ᠎ᠠ ᠶᠢᠨ 1 ᠤ ᠡᠳᠤᠷ  ᠠᠴᠠ 5 ᠰᠠᠷ᠎ᠠ ᠶᠢᠨ 15 ᠤ ᠡᠳᠤᠷ ᠬᠦᠷᠳᠡᠯ᠎ᠡ᠂ ᠨᠡᠶᠢᠳᠡ 45 ᠡᠳᠦᠷ ᠭᠡᠷᠡᠭᠵᠢᠬᠦᠯᠬᠦ ᠪᠠᠷ ᠲᠤᠭᠳᠠᠪᠡ᠃ᠬᠤᠶᠠᠷ᠂ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠬᠦᠷᠢᠶ᠎ᠠ ᠭᠡᠪᠴᠢᠶ᠎ᠠ᠄ ᠭᠤᠷᠪᠡᠳᠤᠭᠠᠷ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠲᠠᠢ ᠤᠶᠠᠯᠳᠤᠭᠤᠯᠵᠦ᠂ ᠪᠦᠬᠦ ᠬᠤᠰᠢᠭᠤᠨ ᠤ 7 ᠰᠤᠮᠤ ᠪᠠᠯᠭᠠᠰᠦᠨ ᠤ ᠮᠠᠯ ᠪᠡᠯᠴᠢᠭᠡᠷ ᠢ ᠲᠠᠩᠴᠠᠬᠦᠷᠢ ᠲᠠᠢ ᠪᠠᠶᠢᠯᠭᠠᠬᠤ ᠤᠷᠤᠨ ᠳᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠠ ᠶᠢᠨ ᠬᠤᠭᠤᠴᠠᠭᠠᠨ  ᠳᠠᠬᠢ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠠᠷᠭ᠎ᠠ ᠪᠡᠷᠢᠯ ᠢ ᠭᠡᠷᠡᠭᠵᠢᠬᠦᠯᠦᠨ᠎ᠡ᠂ ᠬᠤᠯᠪᠤᠭᠳᠠᠬᠤ ᠨᠤᠳᠤᠭ ᠪᠡᠯᠴᠢᠬᠡᠷ ᠤᠨ ᠲᠠᠯᠠᠪᠠᠢ 2763.49 ᠲᠦᠮᠡᠨ ᠮᠤ᠋ ᠪᠤᠯᠤᠨ᠎ᠠ᠃ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠳᠤ ᠦᠬᠡᠷ᠂ ᠬᠤᠨᠢ᠂ ᠢᠮᠠᠭ᠎ᠠ ︵ᠠᠳᠤᠭᠤ᠂ ᠲᠡᠮᠡᠭᠡ ᠪᠠᠭᠳᠠᠬᠤ ᠦᠬᠡᠢ︶ ᠶᠢ ᠴᠦᠮ ᠪᠡᠯᠴᠢᠭᠡᠷᠯᠡᠬᠦᠯᠵᠦ ᠪᠤᠯᠬᠤ ᠦᠬᠡᠢ᠃ᠭᠤᠷᠪᠠ᠂ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠨᠦᠬᠦᠪᠤᠷᠢ ᠶᠢᠨ ᠪᠡᠷᠢᠮᠵᠢᠶ᠎ᠠ᠄ ᠨᠦᠬᠦᠪᠤᠷᠢ ᠶᠢᠨ ᠪᠠᠷᠢᠮᠵᠢᠶ᠎ᠠ ᠨᠢ ᠮᠤ᠋ ᠪᠦᠷᠢ ᠳᠤ 1.125 ᠲᠦᠬᠦᠷᠢᠭ ᠪᠠᠶᠢᠵᠦ᠂ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ︽ᠨᠢᠬᠡ ᠺᠡᠷᠲ︾ ᠢᠶᠠᠷ ᠲᠠᠮᠵᠢᠨ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠨᠦᠬᠦᠪᠤᠷᠢ ᠶᠢ ᠤᠯᠭᠤᠨ᠎ᠠ᠃ᠲᠦᠷᠪᠡ᠂ ᠮᠠᠯ ᠤᠨ ᠬᠦᠳᠡᠯᠭᠡᠭᠡᠨ ᠤ ᠲᠠᠯᠠᠪᠤᠷ ᠲᠤᠬᠢᠷᠠᠭᠤᠯᠬᠤᠠᠳᠤᠭᠤ ᠪᠡ ᠲᠡᠮᠡᠭᠡ ᠶᠢ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠭᠡᠪᠴᠢᠶᠠᠨ ᠳᠤ ᠤᠷᠤᠭᠤᠯᠬᠤ ᠦᠬᠡᠢ᠂ ᠦᠬᠡᠷ᠂ ᠬᠤᠨᠢ᠂ ᠢᠮᠠᠭ᠎ᠠ ᠶᠢ ᠬᠤᠨᠢ ᠪᠠᠷ ᠨᠢᠬᠡᠴᠢᠯᠠᠨ᠂ ᠬᠤᠨᠢ ᠨᠢᠭᠡᠪᠤᠷᠢ ᠶᠢ 20 ᠲᠡᠭᠰᠢ ᠲᠦᠷᠪᠡᠯᠵᠢᠨ ᠮᠧᠲᠷ ᠠᠴᠠ ᠭᠡᠳᠤᠷᠡᠬᠦᠯᠬᠦ ᠦᠬᠡᠢ ᠪᠠᠶᠢᠬᠤ ᠱᠠᠭᠠᠷᠳᠠᠯᠭ᠎ᠠ ᠶᠤᠰᠤᠭᠠᠷ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ  ᠳᠠᠬᠢ ᠮᠡᠯ ᠤᠨ ᠬᠦᠳᠡᠯᠭᠡᠭᠡᠨ ᠤ ᠲᠠᠯᠠᠪᠤᠷ ᠭᠠᠷᠭᠠᠨ᠎ᠠ᠂ ᠨᠢᠬᠡ ᠦᠬᠡᠷ ᠨᠢ ᠲᠠᠪᠤᠨ ᠬᠤᠨᠢ ᠲᠠᠢ ᠲᠠᠩᠴᠠᠨ᠎ᠠ᠂ ᠨᠢᠭᠡ ᠲᠤᠭᠤᠯ ᠨᠢ ᠬᠤᠶᠠᠷ ᠴᠡᠭ ᠲᠠᠪᠤᠨ ᠬᠤᠨᠢ ᠲᠠᠢ ᠲᠡᠩᠴᠡᠨ᠎ᠡ︔ ᠬᠦᠳᠡᠯᠭᠡᠭᠡᠨ ᠤ ᠲᠠᠯᠠᠪᠤᠷ ᠢ ᠬᠤᠷᠤᠭ᠎ᠠ ᠬᠠᠰᠢᠶᠠᠨ ᠤ ᠡᠷᠬᠢᠨ ᠲᠤᠭᠤᠷᠢᠨ ᠳᠤ ᠪᠠᠶᠢᠷᠢᠯᠠᠭᠤᠯᠵᠦ᠂ ᠬᠦᠳᠡᠯᠭᠡᠭᠡᠨ ᠤ ᠲᠠᠯᠠᠪᠤᠷ ᠤᠨ ᠲᠦᠷᠪᠡᠨ ᠵᠠᠬ᠎ᠠ ᠶᠢᠨ ᠵᠠᠭᠠᠭ ᠬᠢᠵᠠᠭᠠᠷ᠂ ᠮᠠᠯ ᠤᠰᠤᠯᠠᠬᠤ ᠵᠡᠮ ᠢ ᠵᠤᠬᠢᠰᠳᠡᠢ ᠲᠤᠬᠢᠷᠠᠭᠤᠯᠵᠦ᠂ ᠬᠦᠳᠡᠯᠬᠡᠬᠡᠨ ᠤ ᠲᠠᠯᠠᠪᠤᠷ ᠤᠨ ᠭᠠᠳᠠᠨ᠎ᠠ ᠮᠠᠯ ᠪᠡᠯᠴᠢᠬᠡᠷᠯᠡᠬᠦᠯᠬᠦ  ᠶᠢ ᠴᠠᠭᠠᠵᠠᠯᠠᠨ᠎ᠠ᠃ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ︵ᠨᠢᠬᠡ︶ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠳᠤ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠤᠷᠤᠨ ᠳᠤ ᠪᠦᠬᠦ ᠲᠠᠯ᠎ᠠ ᠪᠠᠷ ᠪᠡᠯᠴᠢᠬᠡᠷᠯᠡᠬᠦᠯᠬᠦ ᠶᠢ ᠴᠠᠭᠠᠵᠠᠯᠠᠵᠦ᠂ ᠮᠠᠯᠵᠢᠬᠤ ᠡᠷᠦᠬᠡ ᠨᠢ ᠡᠯ᠎ᠡ ᠲᠦᠷᠦᠯ ᠤᠨ ᠪᠡᠯᠡᠳᠭᠡᠯ ᠠᠵᠢᠯ ᠢᠶᠠᠨ ᠤᠷᠢᠳᠴᠢᠯᠠᠨ ᠰᠠᠶᠢᠳᠤᠷ ᠬᠢᠵᠦ᠂ ᠮᠠᠯ ᠤᠰᠤᠯᠠᠬᠤ᠂ ᠲᠠᠵᠢᠭᠡᠬᠦ ᠰᠢᠯᠳᠠᠭ ᠢᠶᠠᠷ ᠮᠠᠯ ᠢᠶᠠᠨ ᠪᠡᠯᠴᠢᠬᠡᠷᠯᠡᠬᠦᠯᠵᠦ ᠪᠤᠯᠬᠤ ᠦᠬᠡᠢ᠂ ᠬᠠᠮᠢᠶ᠎ᠠ ᠪᠦᠬᠦᠢ ᠰᠠᠯᠠᠭ᠎ᠠ ᠮᠦᠴᠢᠷ ᠪᠡ ᠰᠤᠮᠤ ᠪᠠᠯᠭᠠᠰᠤ᠂ ᠭᠠᠴᠠᠭᠠᠨ ᠤ ᠬᠢᠨᠡᠯᠳᠡ ᠬᠠᠮᠢᠶᠠᠷᠤᠯᠳᠠ ᠶᠢ ᠤᠬᠠᠮᠰᠠᠷ ᠠᠴᠠ ᠪᠠᠨ ᠬᠦᠯᠢᠶᠡᠬᠦ ᠭᠡᠷᠡᠭᠳᠡᠢ᠃︵ᠬᠤᠶᠠᠷ︶ ᠡᠯ᠎ᠡ ᠰᠤᠮᠤ ᠪᠠᠯᠭᠠᠰᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠪᠡ ᠭᠠᠴᠠᠭᠠᠨ ᠤ ︽ᠬᠤᠶᠠᠷ ᠵᠦᠪᠯᠡᠯ︾ ᠨᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠦ᠂ ᠮᠠᠯᠵᠢᠬᠤ ᠡᠷᠦᠬᠡ  ᠶᠢᠨ ᠮᠠᠯ ᠢᠶᠠᠨ ᠪᠦᠬᠦᠨ ᠢ ᠬᠠᠰᠢᠶᠠᠯᠠᠵᠦ ᠲᠡᠵᠢᠬᠡᠬᠦ ᠶᠢ ᠨᠢ ᠱᠠᠭᠠᠷᠳᠠᠬᠤ ᠭᠡᠷᠡᠭᠳᠡᠢ︔ ᠬᠤᠰᠢᠭᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠡᠬᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠬᠠᠮᠢᠶ᠎ᠠ ᠪᠦᠬᠦᠢ ᠪᠠᠳᠤᠯᠠᠭ᠎ᠠ᠂ ᠵᠢᠯᠤᠭᠤᠳᠤᠯᠭ᠎ᠠ ᠪᠡ ᠬᠢᠨᠠᠯᠳᠠ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠭᠡᠷᠡᠭᠳᠡᠢ᠃ ᠤᠢ ᠰᠢᠭᠤᠢ ᠪᠡ ᠨᠤᠳᠤᠭ ᠪᠡᠯᠴᠢᠬᠡᠷ ᠤᠨ ᠰᠠᠯᠠᠭ᠎ᠠ ᠮᠦᠴᠢᠷ ᠨᠢ ᠬᠢᠨᠠᠯᠳᠠ ᠲᠠᠯᠪᠢᠬᠤ ᠵᠢᠴᠢ ᠨᠤᠳᠤᠭ ᠪᠡᠯᠴᠢᠬᠡᠷ ᠲᠤ ᠬᠦᠳᠡᠯᠤᠩᠬᠦᠢ ᠬᠢᠨᠡᠨ ᠬᠡᠮᠵᠢᠯᠳᠡ ᠬᠢᠬᠦ ᠠᠵᠢᠯ ᠢ ᠬᠠᠷᠢᠭᠤᠴᠠᠬᠤ ᠭᠡᠷᠡᠭᠳᠡᠢ︔ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠡᠯᠡ ᠮᠦᠩᠬᠦ ᠶᠢ ᠬᠠᠮᠢᠶᠠᠷᠬᠤ ᠪᠡ ᠲᠠᠷᠬᠠᠭᠠᠬᠤ ᠠᠵᠢᠯ ᠢ ᠬᠠᠷᠢᠭᠤᠴᠠᠬᠤ ᠭᠡᠷᠡᠭᠳᠡᠢ︔ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠦᠴᠢᠷ ᠨᠢ ᠡᠪᠡᠰᠤ ᠪᠤᠷᠳᠤᠭ᠎ᠠ ᠨᠦᠬᠡᠴᠡᠯᠡᠬᠦ᠂ ᠠᠮᠢᠳᠠᠨ ᠤ ᠬᠢᠵᠢᠭ ᠢ ᠰᠡᠷᠭᠡᠶᠢᠯᠡᠨ ᠵᠠᠰᠠᠬᠤ ᠵᠢᠴᠢ ᠮᠡᠷᠭᠡᠵᠢᠯ ᠤᠨ ᠵᠢᠯᠤᠭᠤᠳᠤᠯᠭ᠎ᠠ ᠶᠢᠨ ᠠᠵᠢᠯ ᠢ ᠬᠠᠷᠢᠭᠤᠴᠠᠬᠤ ᠭᠡᠷᠡᠭᠳᠡᠢ︔ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠨᠢ ᠮᠠᠯ ᠤᠨ ᠤᠤᠭᠤᠬᠤ ᠤᠰᠤᠨ ᠤ ᠪᠠᠳᠤᠯᠠᠭ᠎ᠠ ᠶᠢᠨ ᠠᠵᠢᠯ ᠢ ᠬᠠᠷᠢᠭᠤᠴᠠᠬᠤ ᠭᠡᠷᠡᠭᠳᠡᠢ︔ ᠤᠬᠠᠭᠤᠯᠬᠤ ᠰᠠᠯᠠᠭ᠎ᠠ ᠮᠦᠴᠢᠷ ᠨᠢ ᠪᠡᠯᠴᠢᠬᠡᠷᠯᠡᠬᠦᠯᠬᠦ ᠶᠢ ᠲᠦᠷ ᠵᠤᠭᠰᠤᠭᠠᠬᠤ ᠤᠬᠠᠭᠤᠯᠭ᠎ᠠ ᠶᠢᠨ ᠬᠦᠳᠤᠯᠤᠨ ᠵᠢᠯᠤᠭᠤᠳᠬᠤ ᠠᠵᠢᠯ ᠢ ᠬᠠᠷᠢᠭᠤᠴᠠᠬᠤ ᠭᠡᠷᠡᠭᠳᠡᠢ︔ ᠪᠠᠶᠢᠭᠠᠯᠢ ᠶᠢᠨ ᠡᠬᠢ ᠪᠠᠶᠠᠯᠢᠭ  ᠤᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠬᠢ᠂ ᠦᠨᠳᠤᠰᠤᠨ ᠱᠠᠳᠤᠨ ᠤ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠨᠢ ᠬᠠᠤᠯᠢ ᠭᠡᠷᠡᠭᠵᠢᠬᠦᠯᠵᠦ ᠬᠢᠨᠡᠯᠳᠡ ᠲᠠᠯᠪᠢᠬᠤ ᠬᠦᠴᠦᠯᠠᠴᠠ ᠪᠠᠨ ᠴᠢᠩᠭᠠᠳᠬᠠᠵᠦ᠂ ᠮᠠᠯ ᠢᠶᠠᠨ ᠲᠠᠯᠳᠠᠭᠤᠷ ᠪᠡᠯᠴᠢᠭᠡᠷᠯᠡᠬᠦᠯᠦᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠲᠤᠭᠳᠠᠭᠠᠯ ᠢ ᠵᠦᠷᠢᠴᠠᠵᠦ ᠪᠡᠯᠴᠢᠭᠡᠷᠯᠡᠬᠦᠯᠦᠭᠰᠡᠨ ᠠᠵᠢᠯᠯᠠᠭ᠎ᠠ ᠳᠤ ᠬᠠᠮᠢᠶ᠎ᠠ ᠪᠦᠬᠦᠢ ᠬᠠᠤᠯᠢ ᠲᠤᠭᠳᠠᠭᠠᠯ ᠶᠤᠰᠤᠭᠠᠷ ᠪᠠᠶᠢᠴᠠᠭᠠᠨ ᠰᠢᠢᠳᠪᠤᠷᠢᠯᠡᠬᠦ ᠭᠡᠷᠡᠭᠳᠡᠢ᠃︵ᠭᠤᠷᠪᠡ︶ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠳᠤ ᠢᠯᠡᠴᠢᠯᠠᠨ ᠮᠡᠳᠡᠬᠦᠯᠬᠦ ᠲᠦᠷᠢᠮ ᠢ ᠭᠡᠷᠡᠭᠵᠢᠬᠦᠯᠵᠦ᠂ ᠬᠠᠤᠯᠢ ᠭᠡᠷᠡᠭᠵᠢᠬᠦᠯᠵᠦ ᠬᠢᠨᠡᠯᠳᠡ ᠲᠠᠯᠪᠢᠬᠤ᠂ ᠨᠡᠶᠢᠬᠡᠮ ᠤᠨ ᠬᠢᠨᠠᠯᠳᠠ᠂ ᠤᠯᠠᠨ ᠲᠦᠮᠡᠨ ᠤ ᠬᠢᠨᠠᠯᠳᠠ ᠪᠡ ᠶᠡᠷᠢᠶ᠎ᠠ ᠭᠡᠯᠡᠯᠴᠡᠭᠡᠨ ᠤ ᠬᠢᠨᠠᠯᠳᠠ ᠵᠡᠷᠭᠡ ᠬᠢᠨᠠᠯᠳᠠ ᠲᠠᠯᠪᠢᠬᠤ ᠬᠠᠮᠳᠤᠷᠠᠯ ᠤᠨ ᠬᠦᠴᠦᠨ ᠢ ᠪᠦᠷᠢᠯᠳᠤᠬᠦᠯᠬᠦ ᠭᠡᠷᠡᠭᠳᠡᠢ᠃ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠢᠨᠠᠯᠳᠠ ᠲᠠᠯᠪᠢᠵᠦ᠂ ᠲᠤᠭᠳᠠᠭᠠᠯ ᠢ ᠵᠦᠷᠢᠴᠡᠨ ᠪᠡᠯᠴᠢᠬᠡᠷᠯᠡᠬᠦᠯᠦᠭᠰᠡᠨ ᠠᠵᠢᠯᠯᠠᠭ᠎ᠠ ᠶᠢ ᠢᠳᠡᠪᠬᠢᠳᠡᠢ ᠪᠠᠷ ᠢᠯᠡᠴᠢᠯᠠᠨ ᠮᠡᠳᠡᠬᠦᠯᠬᠦ ᠶᠢ ᠬᠦᠰᠡᠵᠦ ᠪᠠᠶᠢᠨ᠎ᠡ᠃ ᠪᠡᠯᠴᠢᠭᠡᠷᠯᠡᠬᠦᠯᠬᠦ ᠶᠢ ᠲᠦᠷ ᠵᠤᠭᠰᠤᠭᠠᠬᠤ ᠬᠤᠭᠤᠴᠠᠭᠠᠨ ᠳᠤ᠂ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠢᠯᠡᠴᠢᠯᠠᠨ ᠮᠡᠳᠡᠬᠦᠯᠬᠦ ᠤᠳᠠᠰᠤ ᠲᠤᠬᠢᠷᠠᠭᠤᠯᠪᠡ᠄ᠰᠠᠶᠢᠬᠠᠨᠳᠠᠯ᠎ᠠ ᠪᠠᠯᠭᠠᠰᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄    ᠬᠠᠰᠮᠦ᠋ᠷᠡᠨ 15904798462ᠵᠢᠷᠦᠬᠡ ᠪᠠᠯᠭᠠᠰᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄        ᠴᠧᠨ ᠰᠢ 13474790600ᠦᠷᠭᠡᠨᠳᠡᠯ᠎ᠡ ᠪᠠᠯᠭᠠᠰᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄    ᠯᠢ ᠰᠢᠨ 13947961519ᠡᠷᠢᠶᠡᠨᠨᠠᠭᠤᠷ ᠰᠤᠮᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄       ᠯᠢ ᠱᠦ ᠰᠧᠨ 15904795911ᠰᠠᠩᠪᠤᠯᠠᠭ ᠰᠤᠮᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄        ᠬᠤᠤᠰᠪᠠᠶᠡᠷ 15847926622ᠰᠠᠶᠢᠬᠠᠠᠠᠦ᠋ᠯᠵᠡᠢ ᠰᠤᠮᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄     ᠰᠠᠶᠢᠨᠬᠦᠦ 15247874647ᠠᠴᠢᠳᠤᠠᠠᠭᠤᠯᠠ ᠰᠤᠮᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶᠠᠨ ᠤ ᠲᠠᠷᠤᠭ᠎ᠠ᠄     ᠪᠠᠨ ᠵᠢᠶᠠᠨ ᠵᠢᠶᠦ᠋ᠨ 13947935336ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠬᠢ᠄ 7225039ᠤᠢ ᠰᠢᠭᠤᠢ ᠪᠡ ᠨᠤᠳᠤᠭ ᠪᠡᠯᠴᠢᠬᠡᠷ ᠤᠨ ᠲᠤᠪᠴᠢᠶ᠎ᠠ᠄ 7221661                                                                                                            ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ  ᠤᠨ ᠤᠷᠳᠤᠨ                                                  2022 ᠤᠨ ᠤ 11 ᠰᠠᠷ᠎ᠠ ᠶᠢᠨ 14 ᠤ ᠡᠳᠦᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号