ᠰᠠᠩᠪᠤᠯᠠᠭ ᠰᠤᠮᠤᠨ ᠤ ᠴᠠᠭᠠᠨᠴᠢᠯᠠᠭᠤ ᠭᠠᠴᠠᠭᠠᠨ ᠤ ᠭᠡᠷᠡᠯᠴᠢ ᠴᠡᠨᠡᠭ ᠤᠨ ᠠᠰᠢᠭ ᠣᠷᠣᠯᠭ᠎ᠠ ᠶᠢᠨ ᠪᠠᠯᠠ ᠮᠥᠩᠭᠦ ᠪᠠᠷ ᠭᠠᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠶᠯᠡᠰ ᠢ ᠪᠣᠳᠠᠲᠠᠶ ᠳᠤ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠭᠰᠡᠨ
ᠨᠡᠶᠢᠲᠡᠯᠡᠭᠰᠡᠨ ᠴᠠᠭ᠄
2022/12/16
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠵᠤ᠂ ᠰᠠᠶᠢᠨ ᠳᠤᠷ᠎ᠠ ᠶᠢᠨ ᠦᠶᠯᠡᠴᠢᠯᠡᠭᠡᠨ ᠤ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠰᠠᠩᠪᠤᠯᠠᠭ ᠰᠤᠮᠤᠨ ᠤ ᠴᠠᠭᠠᠨᠴᠢᠯᠠᠭᠤ ᠭᠠᠴᠠᠭ᠎ᠠ ᠳᠡᠭᠡᠳᠦ ᠱᠠᠲᠤᠨ  ᠠᠴᠠ ᠪᠠᠭᠤᠯᠭᠠᠭᠰᠠᠨ ᠭᠡᠷᠡᠯᠴᠢ ᠴᠡᠨᠡᠭ ᠤᠨ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠠᠰᠢᠭ ᠬᠤᠪᠢᠶᠠᠷᠢᠯᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠲᠣᠰ ᠭᠠᠴᠠᠭᠠᠨ ᠤ ᠪᠠᠨ ᠭᠡᠷᠡᠯᠴᠢ ᠴᠡᠨᠡᠭ ᠤᠨ ᠪᠠᠯᠠ ᠮᠥᠩᠭᠦ ᠶᠢᠨ ᠠᠰᠢᠭ ᠣᠷᠣᠯᠭ᠎ᠠ ᠶᠢ ᠬᠡᠷᠡᠭᠯᠡᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠪᠠᠯᠠ ᠮᠥᠩᠭᠦ ᠶᠢ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠡᠪ ᠤᠨ︶ ᠳᠤ ᠪᠣᠷᠳᠤᠭ᠎ᠠ ᠲᠠᠷᠬᠠᠭᠠᠬᠤ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠵᠠᠷᠤᠴᠠᠭᠤᠯᠤᠭᠰᠠᠨ ᠪᠠᠶᠢᠨ᠎ᠠ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠯᠠ ᠮᠥᠩᠭᠦ ᠪᠠᠷ ᠭᠠᠴᠠᠭᠠᠨ ᠤ 20 ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠲᠡᠵᠢᠭᠡᠯ ᠪᠣᠷᠳᠤᠭ᠎ᠠ ︵ᠡᠷᠦᠬᠡ ᠪᠦᠷᠢ ᠶᠢᠨ 2080 ᠲᠥᠭᠦᠷᠢᠭ ᠤᠨ ᠥᠷᠲᠡᠭ ᠪᠥᠬᠦᠶ ᠲᠡᠵᠢᠭᠡᠯ ᠪᠣᠷᠳᠤᠭ᠎ᠠ︶ ᠠᠪᠴᠤ ᠥᠭᠭᠦᠭᠰᠡᠨ ᠤ ᠬᠠᠮᠲᠤ᠂ ᠭᠠᠴᠠᠭᠠᠨ ᠤ ᠬᠤᠶᠠᠷ ᠪᠠᠭ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠦᠨ᠎ᠡ ᠲᠥᠯᠥᠪᠦᠷᠢ ᠥᠬᠡᠶ ᠪᠠᠷ ᠲᠡᠭᠡᠭᠡᠪᠦᠷᠢᠯᠡᠬᠦ ᠦᠶᠯᠡᠴᠢᠯᠡᠭᠡ ᠬᠠᠩᠭᠠᠵᠤ᠂ ᠶᠠᠳᠠᠭᠤ  ᠠᠴᠠ ᠠᠩᠭᠢᠵᠢᠷᠠᠭᠰᠠᠨ ᠡᠷᠦᠬᠡ ᠶᠢᠨ ᠨᠢᠳᠦᠨ ᠡᠮᠦᠨᠡᠬᠢ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ᠪᠡᠯᠡ ᠮᠥᠩᠭᠦᠨ ᠤ ᠦᠯᠡᠳᠡᠭᠰᠡᠨ ᠬᠡᠰᠡᠭ ᠢ ᠭᠠᠴᠠᠭᠠᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠵᠠᠷᠤᠴᠠᠭᠤᠯᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号