ᠣᠶᠢᠷ᠎ᠠ ᠳᠤ᠂ ᠰᠠᠶᠢᠬᠠᠨᠲᠠᠯ᠎ᠠ ᠪᠠᠯᠭᠠᠰᠤᠨ ᠤ ᠪᠠᠷᠠᠭᠤᠨᠪᠤᠯᠠᠭ ᠭᠠᠴᠠᠭ᠎ᠠ ᠭᠠᠮᠰᠢᠭ ᠠᠴᠠ ᠠᠪᠤᠷᠠᠬᠤ ᠡᠪᠡᠰᠦ | ᠪᠤᠷᠳᠤᠭ᠎ᠠ ᠲᠠᠷᠬᠠᠭᠠᠬᠤ ᠶᠤᠰᠤᠯᠠᠯ ᠶᠠᠪᠤᠭᠳᠠᠭᠤᠯᠵᠤ᠂ 70 ᠲᠣᠨ ᠡᠪᠡᠰᠦ ᠪᠤᠷᠳᠤᠭ᠎ᠠ ᠶᠢ ᠭᠠᠴᠠᠭᠠᠨ ᠤ | ᠮᠠᠯᠴᠢᠳ ᠲᠤ ᠪᠠᠨ ᠬᠤᠪᠢᠶᠠᠨ ᠥᠭᠴᠡᠢ᠃ | | ᠤᠶᠢᠯᠠᠭᠠᠭᠰᠠᠨ ᠢᠶᠠᠷ᠂ ᠡᠨᠡ ᠵᠢᠯ ᠤᠨ ᠭᠠᠩ ᠬᠠᠭᠰᠠᠷᠠᠭᠠᠨ ᠨᠢ ᠮᠠᠯᠴᠢᠳ ᠤᠨ ᠦᠶᠯᠡᠳᠪᠦᠷᠢᠯᠡᠯ ᠠᠮᠢᠳᠤᠷᠠᠯ ᠳᠤ | ᠮᠠᠰᠢ ᠶᠡᠭᠡ ᠨᠥᠯᠥᠭᠡ ᠦᠵᠡᠭᠦᠯᠵᠦ᠂ ᠡᠪᠡᠰᠦ ᠪᠣᠷᠳᠤᠭ᠎ᠠ ᠳᠤᠲᠠᠭᠳᠠᠬᠤ ᠨᠢ ᠮᠠᠯᠴᠢᠳ ᠲᠤ ᠨᠡᠶᠢᠳᠡᠮ ᠲᠤᠯᠭᠠᠷᠠᠵᠤ | ᠪᠠᠶᠢᠭ᠎ᠠ ᠪᠣᠳᠠᠲᠠᠶ ᠬᠦᠴᠢᠷᠳᠡᠯ ᠪᠤᠯᠤᠭᠰᠠᠨ ᠪᠠᠶᠢᠳᠠᠯ ᠳᠤ ᠰᠠᠶᠢᠬᠠᠨᠲᠠᠯ᠎ᠠ ᠪᠠᠯᠭᠠᠰᠤᠨ ᠤ ᠪᠠᠷᠠᠭᠤᠨᠪᠤᠯᠠᠭ ᠭᠠᠴᠠᠭᠠᠨ ᠳᠤ | ᠰᠠᠭᠤᠭ᠎ᠠ ᠨᠢᠭᠡᠳᠦᠭᠡᠷ ᠱᠦᠵᠢ ᠬᠠᠪᠰᠤᠷᠤᠨ ᠲᠡᠳᠬᠦᠬᠦ ᠨᠢᠭᠡᠴᠡ᠂ ᠬᠠᠮᠢᠶ᠎ᠠ ᠪᠥᠬᠦᠢ ᠠᠵᠤ ᠠᠬᠤᠶᠢᠯᠠᠯ ᠲᠠᠢ | ᠢᠳᠡᠪᠬᠢᠲᠡᠶ ᠬᠠᠷᠢᠯᠴᠠᠵᠤ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠰᠥᠨᠢᠳ ᠪᠠᠷᠠᠭᠤᠨ ᠬᠤᠰᠢᠭᠤᠨ ᠤ | ᠲᠢᠶᠠᠨ ᠷᠦᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠵᠢᠩ ᠨᠧᠩ ᠰᠢᠨ᠎ᠡ ᠡᠨᠧᠷᠭᠢ ︵ᠰᠥᠨᠢᠳ ᠪᠠᠷᠠᠭᠤᠨ | ᠬᠤᠰᠢᠭᠤ︶ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠰᠥᠨᠢᠳ ᠪᠠᠷᠠᠭᠤᠨ | ᠬᠤᠰᠢᠭᠤᠨ ᠤ ᠪᠠᠷᠠᠭᠤᠨᠪᠤᠯᠠᠭ ᠡᠯᠡᠰᠦ ᠮᠠᠯᠲᠠᠬᠤ ᠲᠠᠯᠠᠪᠠᠶ ᠵᠡᠷᠭᠡ ᠪᠠᠶᠢᠭᠤᠯᠭ᠎ᠠ ᠨᠢᠭᠡᠴᠡ ᠵᠢᠴᠢ ᠠᠵᠤ ᠠᠬᠤᠶᠢᠯᠠᠯ ᠨᠢ | ᠬᠤᠶᠢᠨ᠎ᠠ ᠬᠤᠶᠢᠨ᠎ᠠ ᠠᠴᠠ ᠪᠠᠨ ᠲᠤᠰᠠᠯᠠᠮᠵᠢ ᠬᠦᠷᠭᠡᠨ᠂ ᠨᠡᠶᠢᠲᠡ 11.2 ᠲᠦᠮᠡᠨ ᠲᠥᠭᠦᠷᠢᠭ ᠤᠨ ᠪᠠᠯᠠ ᠮᠥᠩᠭᠦ | ᠬᠠᠨᠳᠢᠪᠯᠠᠵᠤ᠂ ᠮᠠᠯᠴᠢᠨ ᠲᠦᠮᠡᠨ ᠤ ᠡᠪᠡᠰᠦ ᠪᠤᠷᠳᠤᠭ᠎ᠠ ᠳᠤᠲᠠᠭᠳᠠᠬᠤ ᠪᠠᠴᠢᠮ ᠬᠦᠴᠢᠷᠳᠡᠯ ᠢ ᠰᠢᠢᠳᠪᠦᠷᠢᠯᠡᠭᠰᠡᠨ | ᠪᠠᠶᠢᠨ᠎ᠠ᠃ | | | | ᠡᠪᠡᠰᠦ ᠪᠣᠷᠳᠤᠭ᠎ᠠ ᠠᠪᠬᠤ ᠪᠠᠷ ᠢᠷᠡᠭᠰᠡᠨ ᠮᠠᠯᠴᠢᠨ ᠰᠣᠶᠣᠯᠲᠤ᠄ ︽ᠬᠠᠪᠰᠤᠷᠤᠨ ᠲᠡᠳᠬᠦᠬᠦ ᠨᠢᠭᠡᠴᠡ ᠬᠤᠰᠢᠭᠤ | ᠨᠠᠮ ᠤᠨ ᠬᠤᠷᠢᠶᠠᠨ ᠤ ᠠᠯᠪᠠᠨ ᠬᠡᠷ ᠪᠣᠯᠤᠨ ᠠᠵᠤ ᠠᠬᠤᠶᠢᠯᠠᠯ ᠤᠨ ᠬᠢᠨ ᠪᠢᠳᠡᠨ ᠤ ᠡᠪᠡᠰᠦ ᠪᠣᠷᠳᠤᠭ᠎ᠠ | ᠳᠤᠲᠠᠭᠳᠠᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠵᠦ᠂ ᠠᠵᠤ ᠠᠬᠤᠶ ᠶᠢᠨ ᠳᠠᠷᠤᠭᠠᠰᠤ ᠬᠥᠩᠭᠡᠷᠡᠭᠦᠯᠦᠭᠰᠡᠨ ᠳᠤ | ᠮᠠᠰᠢ ᠲᠠᠯᠠᠷᠬᠠᠵᠤ ᠪᠠᠶᠢᠨ᠎ᠠ᠃ ᠬᠤᠶᠢᠰᠢᠳᠠ ᠪᠢ ᠦᠷᠭᠦᠯᠵᠢᠯᠡᠨ ᠨᠠᠮ ᠪᠠ ᠵᠠᠰᠠᠭ ᠤᠨ ᠣᠷᠳᠣᠨ ᠤ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠶᠢ ᠨᠡᠩ ᠢᠳᠡᠪᠬᠢᠲᠡᠢ ᠴᠤᠤᠷᠢᠶᠠᠲᠤᠨ ᠲᠠᠭᠠᠵᠤ᠂ ᠯᠠᠪᠳᠠᠭᠤᠨ ᠪᠠᠲᠤᠲᠠᠢ ᠰᠢᠷᠭᠠᠭᠤ | ᠬᠠᠲᠠᠭᠤᠵᠢᠯᠲᠠᠢ ᠠᠵᠢᠯᠯᠠᠨ᠂ ᠠᠮᠢᠳᠤᠷᠠᠯ ᠢᠶᠠᠨ ᠶᠠᠪᠤᠬᠤ ᠲᠤᠳᠤᠮ ᠰᠠᠶᠢᠵᠢᠷᠠᠭᠤᠯᠤᠨ᠎ᠠ︾ ᠭᠡᠵᠦ ᠶᠠᠷᠢᠯ᠎ᠠ᠃ | |