ᠹᠠᠨ ᠶᠢᠥ ᠴᠢᠶᠠᠩ
ᠨᠡᠶᠢᠲᠡᠯᠡᠭᠰᠡᠨ ᠴᠠᠭ᠄
2022/12/19
ᠲᠤᠪᠴᠢ ᠨᠠᠮᠳᠠᠷ    ᠹᠠᠨ ᠶᠢᠥ ᠴᠢᠶᠠᠩ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠤ 9 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠲᠠᠢ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠬᠡᠰᠢᠭ ᠠᠭᠤᠯᠠ ᠶᠢᠨ ᠲᠣᠮᠢᠯᠠᠭᠰᠠᠨ ᠰᠠᠯᠪᠤᠷᠢ ᠶᠢᠨ ᠬᠢᠯᠢ ᠶᠢᠨ ᠬᠠᠮᠠᠭᠠᠯᠠᠯᠲᠠ ᠶᠢᠨ ᠠᠩᠭᠢ ᠶᠢᠨ ᠳᠡᠳ᠋ ᠳᠠᠷᠤᠭ᠎ᠠ  ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠪᠣᠭᠳᠠ ᠠᠭᠤᠯᠠ ᠶᠢᠨ ᠬᠢᠯᠢ ᠶᠢᠨ ᠬᠠᠮᠠᠭᠠᠯᠠᠯᠲᠠ ᠶᠢᠨ ᠠᠩᠭᠢ ᠶᠢᠨ ᠲᠣᠮᠢᠯᠠᠭᠰᠠᠨ ᠰᠠᠯᠪᠤᠷᠢ ᠶᠢᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠵᠡᠭᠦᠨ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ ᠶᠢᠨ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠣᠪᠴᠢᠶ᠎ᠠ ᠶᠢᠨ ᠭᠤᠷᠪᠠᠳᠤᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠭᠡᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠨᠤᠭᠤᠳ ᠢ ᠡᠭᠦᠷᠭᠡᠯᠡᠵᠣ ᠪᠠᠶᠢᠵᠠᠢ᠃ᠠᠵᠢᠯ ᠤᠨ ᠬᠤᠪᠢᠶᠠᠷᠢᠯᠠᠯ᠄    ᠱᠦᠵᠢ ᠶᠢᠨ ᠠᠵᠢᠯ ᠢ ᠬᠠᠪᠰᠤᠷᠤᠨ᠂ ᠬᠤᠰᠢᠭᠤᠨ ᠤ ᠨᠠᠮ ᠤᠨ ᠬᠤᠷᠢᠶᠠᠨ ᠤ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠨᠠᠮ ᠤᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠨᠠᠮ ᠤᠨ ᠰᠤᠷᠭᠠᠭᠤᠯᠢ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠡᠪᠯᠡᠯ ᠵᠡᠷᠭᠡ ᠠᠵᠢᠯ ᠢ ᠬᠤᠪᠢᠳᠠᠨ ᠬᠠᠮᠢᠶᠠᠷᠴᠤ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠠᠵᠢᠯ ᠢ ᠵᠣᠬᠢᠴᠠᠭᠤᠯᠵᠤ᠂ ᠠᠷᠠᠳ  ᠤᠨ  ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠠᠵᠢᠯ ᠲᠠᠢ ᠬᠠᠷᠢᠯᠴᠠᠵᠤ᠂ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯ ᠢ ᠵᠣᠬᠢᠴᠠᠭᠤᠯᠤᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号