ᠤᠶᠤᠨᠲᠤ ᠴᠠᠬᠢᠯᠭᠠᠨ ᠴᠡᠨᠡᠭᠯᠡᠬᠦ ᠱᠣᠩ ᠢ ᠰᠠᠭᠤᠭᠠᠯᠢ ᠠᠷᠠᠳ ᠤᠨ ᠲᠣᠭᠤᠷᠢᠭ ᠲᠤ ᠣᠷᠣᠭᠤᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/12/20
    ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠵᠢᠷᠤᠮᠵᠢᠯ ᠥᠬᠡᠶ ᠴᠠᠬᠢᠯᠭᠠᠨ ᠴᠡᠨᠡᠭᠯᠡᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠤᠨ ᠦᠳᠲᠡᠷ ᠲᠦᠷᠭᠡᠨ ᠬᠥᠳᠡᠯᠦᠯᠴᠡᠵᠦ᠂ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠪᠣᠳᠠᠲᠠᠶ ᠳᠤ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠎ ᠤᠨ ᠲᠣᠭᠤᠷᠢᠭ ᠤᠨ ᠤᠶᠤᠨᠲᠤ ᠴᠠᠬᠢᠯᠭᠠᠨ ᠴᠡᠨᠡᠭᠯᠡᠬᠦ ᠱᠣᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠥᠮᠡᠨ ᠳᠤ ᠳᠥᠭᠦᠮ ᠦᠵᠡᠭᠦᠯᠦᠭᠰᠡᠨ ᠪᠠᠶᠢᠨ᠎ᠠ᠃
   ᠵᠢᠷᠭᠠᠯᠠᠩ ᠶᠡᠷᠦᠩᠬᠡᠶᠢᠯᠡᠭᠰᠡᠨ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ᠂ ᠨᠢᠭᠡᠨ ᠰᠠᠭᠤᠭᠠᠯᠢ ᠠᠷᠠᠳ ᠭᠠᠷ ᠤᠲᠠᠰᠤ ᠪᠠᠷ ᠺᠣᠳ᠋ ᠰᠢᠷᠪᠢᠵᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠪᠠᠨ ᠴᠠᠬᠢᠯᠭᠠᠨ ᠴᠡᠨᠡᠭᠯᠡᠵᠦ ᠪᠠᠶᠢᠯ᠎ᠠ᠃ ᠲᠡᠭᠦᠨ ᠤ ᠲᠠᠨᠢᠯᠴᠠᠭᠤᠯᠤᠭᠰᠠᠨ ᠢᠶᠠᠷ᠂ ᠲᠡᠭᠦᠨ ᠤ ᠬᠡᠷᠡᠭᠯᠡᠵᠦ ᠪᠠᠶᠢᠭ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠨᠢ ᠦᠨᠳᠦᠰᠦᠨ ᠳᠡᠭᠡᠨ 3 ᠴᠠᠭ ᠣᠷᠴᠢᠮ ᠴᠡᠨᠡᠭᠯᠡᠳᠡᠭ ᠪᠥᠭᠡᠳ ᠴᠡᠨᠡᠭᠯᠡᠵᠦ ᠲᠠᠭᠤᠰᠪᠠᠯ ᠴᠠᠬᠢᠯᠭᠠᠨ ᠨᠢ ᠥᠪᠡᠷᠲᠡᠭᠡᠨ ᠵᠤᠭᠰᠤᠳᠠᠭ᠂ ᠤᠳᠠᠭ᠎ᠠ ᠪᠦᠷᠢ ᠲᠣᠭᠠᠴᠠᠭ᠎ᠠ ᠬᠢᠬᠦ ᠳᠤ ᠴᠥᠮ ᠵᠣᠭᠤᠰ ᠤᠨ ᠲᠤᠭ᠎ᠠ ᠶᠢᠨ ᠰᠣᠩᠭᠤᠯᠲᠠ ᠬᠢᠵᠦ ᠪᠣᠯᠤᠨ᠎ᠠ᠂ ᠴᠠᠬᠢᠯᠭᠠᠨ ᠴᠡᠨᠡᠭᠯᠡᠬᠦ ᠨᠢ 0.5 ᠲᠥᠭᠦᠷᠢᠭ ᠪᠠ 1 ᠲᠥᠭᠦᠷᠢᠭ ᠭᠡᠬᠦ ᠬᠤᠶᠠᠷ ᠳᠡᠰ ᠪᠠᠶᠢᠵᠤ᠂ 0.5 ᠲᠥᠭᠦᠷᠢᠭ ᠢᠶᠠᠷ 3 ᠴᠠᠭ ᠴᠠᠬᠢᠯᠭᠠᠨ ᠴᠡᠨᠡᠭᠯᠡᠵᠦ᠂ 1 ᠲᠥᠭᠦᠷᠢᠭ ᠢᠶᠠᠷ 8 ᠴᠠᠭ ᠴᠠᠬᠢᠯᠭᠠᠨ ᠴᠡᠨᠡᠭᠯᠡᠵᠦ ᠪᠤᠯᠤᠨ᠎ᠠ᠂ ᠤᠲᠠᠰᠤ ᠲᠠᠲᠠᠬᠤ ᠬᠡᠷᠡᠭ ᠥᠬᠡᠶ ᠪᠥᠭᠡᠳ ᠪᠣᠷᠣᠭᠠᠨ ᠳᠤ ᠨᠣᠷᠣᠭᠳᠠᠬᠤ ᠠᠴᠠ ᠠᠶᠤᠬᠤ ᠥᠬᠡᠶ᠂ ᠲᠤᠶᠢᠯ ᠤᠨ ᠳᠥᠭᠦᠮ ᠲᠥᠳᠡ ᠪᠠᠶᠢᠳᠠᠭ᠃
     ︵ᠰᠤᠷᠪᠤᠯᠵᠢᠯᠠᠭ᠎ᠠ᠄ ᠰᠠᠭᠤᠭᠠᠯᠢ ᠠᠷᠠᠳ ᠭᠦᠸᠧ ᠱᠢ ᠶᠢᠩ᠄  ᠪᠢ ᠤᠤᠯ ᠨᠢ ᠴᠠᠬᠢᠯᠭᠠᠨ ᠲᠡᠷᠭᠡ ᠪᠠᠨ ᠬᠡᠷ ᠲᠤ ᠪᠠᠨ ᠠᠪᠠᠴᠢᠵᠤ ᠴᠡᠨᠡᠭᠯᠡᠳᠡᠭ᠂ ᠤᠳᠤ ᠡᠨᠡ ᠴᠠᠬᠢᠯᠭᠠᠨ ᠴᠡᠨᠡᠭᠯᠡᠭᠦᠷ ᠲᠠᠢ ᠪᠣᠯᠤᠭᠰᠠᠨ ᠨᠢ ᠬᠤᠯᠠ ᠲᠥᠬᠦᠮ ᠪᠣᠯᠵᠠᠶ᠂ ᠡᠨᠡ ᠬᠦ ᠴᠠᠬᠢᠯᠭᠠᠨ ᠴᠡᠨᠡᠭᠯᠡᠭᠦᠷ ᠨᠢ ᠪᠠᠰᠠ ᠨᠡᠯᠢᠶᠡᠳ ᠬᠢᠮᠳᠠ᠂ 0.5 ᠲᠥᠭᠦᠷᠢᠭ ᠢᠶᠠᠷ 3 ᠴᠠᠭ ᠴᠡᠨᠡᠭᠯᠡᠵᠦ ᠪᠣᠯᠤᠨ᠎ᠠ᠂ ᠬᠢᠮᠳᠠ ᠮᠥᠷᠲᠡᠭᠡᠨ ᠳᠥᠭᠦᠮ᠂ ᠦᠨᠡᠨ ᠣᠯᠠᠨ ᠲᠦᠮᠡᠨ ᠳᠤ ᠲᠥᠬᠦᠮ ᠲᠦᠲᠡ ᠦᠢᠯᠡᠴᠢᠯᠡᠭᠡ ᠬᠠᠩᠭᠠᠵᠤ ᠪᠠᠶᠢᠨ᠎ᠠ᠃︶
    ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠰᠠᠶᠢᠬᠠᠨᠲᠠᠯ᠎ᠠ ᠪᠠᠯᠭᠠᠰᠤᠨ ᠤ ᠵᠠᠰᠠᠭ ᠤᠨ ᠣᠷᠳᠣᠨ᠂ ᠡᠯ᠎ᠡ ᠨᠡᠶᠢᠭᠡᠮ ᠲᠣᠭᠤᠷᠢᠭ ᠲᠠᠢ ᠬᠤᠯᠪᠣᠭᠠᠯᠠᠨ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠱᠣᠩ ᠤᠭᠰᠠᠷᠠᠬᠤ ᠶᠠᠪᠤᠳᠠᠯ ᠢ ᠵᠣᠬᠢᠴᠠᠭᠤᠯᠵᠤ᠂ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠬᠤᠷᠢᠶᠠᠨ᠂ ᠰᠠᠭᠤᠭᠠᠯᠢ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠲᠤᠭ᠎ᠠ ᠶᠢ ᠤᠶᠢᠯᠠᠭᠠᠨ ᠵᠢᠭᠰᠠᠭᠠᠵᠤ᠂ ᠭᠤᠷᠪᠠᠳᠠᠬᠢ ᠡᠲᠡᠭᠡᠳ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠠᠭᠤᠭᠠᠯᠢ ᠲᠣᠭᠤᠷᠢᠭ ᠲᠤ ᠤᠶᠤᠨᠲᠤ ᠴᠠᠬᠢᠯᠭᠠᠨ ᠴᠡᠨᠡᠭᠯᠡᠬᠦ ᠱᠣᠩ ᠨᠡᠮᠡᠵᠦ ᠤᠭᠰᠠᠷᠠᠵᠤ᠂ ᠣᠳᠣᠬᠠᠨ ᠳᠤ ᠪᠥᠬᠦ ᠬᠤᠰᠢᠭᠤᠨ ᠤ 18 ᠰᠠᠭᠤᠭᠠᠯᠢ ᠲᠣᠭᠤᠷᠢᠭ ᠲᠤ 24 ᠴᠠᠬᠢᠯᠭᠠᠨ ᠴᠡᠨᠡᠭᠯᠡᠬᠦ ᠫᠧᠩ᠂ 32 ᠴᠠᠬᠢᠯᠭᠠᠨ ᠴᠡᠨᠡᠭᠯᠡᠬᠦ ᠱᠣᠩ᠂ 320 ᠴᠠᠬᠢᠯᠭᠠᠨ ᠴᠡᠨᠡᠭᠯᠡᠬᠦ ᠤᠭᠯᠠᠭᠤᠷ ᠤᠭᠰᠠᠷᠠᠵᠠᠢ᠃ ᠲᠣᠰ ᠤᠶᠤᠨᠲᠤ ᠴᠠᠬᠢᠯᠭᠠᠨ ᠴᠡᠨᠡᠭᠯᠡᠬᠦ ᠰᠢᠰᠲ᠋ᠧᠮ ᠨᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠤ ᠬᠡᠮᠵᠢᠶ᠎ᠡ ᠳᠦᠭᠦᠷᠪᠡᠯ ᠠᠶᠠᠨᠳᠠᠭᠠᠨ ᠴᠠᠬᠢᠯᠭᠠᠨ ᠲᠠᠰᠤᠷᠠᠬᠤ ᠪᠥᠭᠡᠳ ᠬᠡᠷᠡᠭᠯᠡᠬᠦ ᠦᠭᠡᠢ ᠦᠶ᠎ᠡ ᠳᠤ ᠤᠭᠯᠠᠭᠤᠷᠭ᠎ᠠ ᠨᠢ ᠴᠠᠬᠢᠯᠭᠠᠨ ᠥᠬᠡᠶ ᠪᠠᠶᠢᠵᠤ᠂ ᠰᠠᠭᠤᠭᠠᠯᠢ ᠠᠷᠠᠳ ᠲᠤ ᠠᠮᠤᠷ ᠲᠦᠪᠰᠢᠨ ᠴᠠᠬᠢᠯᠭᠠᠨ ᠴᠡᠨᠡᠭᠯᠡᠬᠦ ᠣᠷᠴᠢᠨ ᠲᠣᠭᠤᠷᠢᠨ ᠢ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠬᠡᠲᠦᠷᠬᠡᠶ ᠴᠠᠬᠢᠯᠭᠠᠨ ᠴᠡᠨᠡᠭᠯᠡᠬᠦ ᠠᠴᠠ ᠪᠣᠯᠤᠭᠰᠠᠨ ᠠᠮᠤᠷ ᠲᠦᠪᠰᠢᠨ ᠤ ᠬᠡᠮ ᠰᠣᠭᠤᠭ ᠠᠴᠠ ᠵᠠᠶᠢᠯᠠᠰᠬᠢᠵᠦ ᠴᠢᠳᠠᠭᠰᠠᠨ ᠪᠠᠶᠢᠨ᠎ᠠ᠃
   ︵ᠰᠤᠷᠪᠤᠯᠵᠢᠯᠠᠭ᠎ᠠ᠄ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠸᠠᠩ ᠰᠢ ᠫᠢᠩ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠄ ᠡᠷᠬᠡᠪᠰᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠠᠮᠲᠤ ᠪᠠᠷ ᠲᠡᠮᠡᠴᠡᠵᠦ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠵᠣᠷᠢᠭᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃ ᠡᠨᠡ ᠨᠢ ᠪᠢᠳᠡᠨ ᠤ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠬᠤ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠂ ᠲᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠠᠵᠢᠯ ᠤᠨ ᠳᠤᠮᠳᠠᠬᠢ ᠳᠤᠲᠠᠭᠳᠠᠯ ᠢᠶᠠᠨ ᠨᠥᠬᠦᠪᠥᠷᠢᠯᠡᠨ ᠪᠠᠭᠤᠷᠠᠶ ᠲᠠᠯ᠎ᠠ ᠪᠠᠨ ᠭᠦᠴᠦᠷᠬᠡᠭᠵᠢᠭᠦᠯᠵᠦ᠂ ᠰᠠᠭᠤᠭᠠᠯᠢ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠱᠣᠩ ᠢ ᠤᠭᠰᠠᠷᠠᠬᠤ ᠠᠵᠢᠯ ᠢ ᠠᠬᠢᠭᠤᠯᠤᠨ ᠰᠢᠯᠢᠳᠡᠭᠵᠢᠭᠦᠯᠵᠦ᠂ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠶᠠᠪᠤᠳᠠᠯ ᠪᠠ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠣᠯᠤᠨ᠎ᠠ᠃︶    ᠴᠠᠬᠢᠯᠭᠠᠨ ᠴᠡᠨᠡᠭᠯᠡᠬᠦ ᠱᠣᠩ ᠤᠭᠰᠠᠷᠠᠭᠰᠠᠨ ᠨᠢ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠠᠮᠤᠷ ᠲᠥᠭᠰᠢᠨ ᠤ ᠳᠠᠯᠳᠠ ᠭᠡᠮ ᠢ ᠪᠥᠳᠦᠮᠵᠢᠲᠡᠢ ᠰᠡᠷᠭᠡᠶᠢᠯᠡᠵᠦ᠂ ᠤᠯᠠᠨ ᠤ ᠰᠠᠶᠢᠨ ᠦᠨᠡᠯᠡᠯᠲᠡ ᠶᠢ ᠤᠯᠤᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号