︽ᠳᠥᠷᠪᠡᠨ ᠲᠥᠷᠥᠯ ᠤᠨ ᠡᠮ︾᠎ ᠢ ᠬᠡᠷᠡᠭᠯᠡᠵᠦ ᠬᠠᠮᠢᠶᠠᠷᠬᠤ ᠲᠤᠬᠠᠶ ᠰᠠᠨᠠᠭᠤᠯᠤᠮᠵᠢ
ᠨᠡᠶᠢᠲᠡᠯᠡᠭᠰᠡᠨ ᠴᠠᠭ᠄
2022/12/20
ᠡᠯ᠎ᠡ ᠡᠮ ᠤᠨ ᠵᠦᠢᠯ ᠢ ᠡᠵᠡᠩᠨᠡᠬᠦ ᠨᠢᠭᠡᠴᠡ᠂ ᠥᠷᠭᠡᠨ ᠣᠯᠠᠨ ᠲᠦᠮᠡᠨ᠄    ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠡᠮ ᠤᠨ ᠳᠡᠯᠭᠡᠭᠦᠷ ᠤᠨ ᠬᠢᠨᠠᠨ ᠬᠡᠮᠵᠢᠬᠦ ᠦᠶᠯᠡᠳᠦᠯ ᠢ ᠭᠦᠶᠴᠡᠳ ᠪᠠᠳᠠᠷᠠᠭᠤᠯᠵᠤ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠳᠠᠷᠤᠬᠤ᠂ ᠨᠢᠶᠠᠨ ᠳᠠᠷᠤᠬᠤ ᠵᠡᠷᠭᠡ ︽ᠳᠥᠷᠪᠡᠨ ᠲᠥᠷᠥᠯ ᠤᠨ ᠡᠮ︾᠎ ᠢ ᠪᠣᠷᠣᠯᠠᠭᠤᠯᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠳᠣᠤᠷᠠᠬᠢ ᠮᠡᠲᠦ ᠰᠠᠨᠠᠭᠤᠯᠤᠮᠵᠢ ᠭᠠᠷᠭᠠᠶ᠎ᠠ᠄    ᠡᠮ ᠤᠨ ᠵᠦᠢᠯ ᠢ ᠡᠵᠡᠩᠨᠡᠬᠦ ᠨᠢᠭᠡᠴᠡ᠄    ᠨᠢᠭᠡ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠡᠮ ᠎ ᠤᠨ ᠳᠡᠯᠭᠡᠭᠦᠷ ᠲᠤ ᠣᠷᠣᠬᠤ ᠳᠤ ᠡᠷᠬᠡᠪᠰᠢ ᠠᠮᠠᠪᠴᠢ ᠵᠡᠭᠦᠬᠦ᠂ ᠪᠡᠶ᠎ᠡ ᠵᠢᠨ‌‍ᠲ᠋ᠤᠯᠠᠭᠠᠨ ᠢ ᠬᠡᠮᠵᠢᠬᠦ᠂ ᠲᠠᠯᠠᠪᠤᠷ ᠭᠠᠵᠠᠷ ᠎ ᠤᠨ ᠺᠣᠳ᠋ ᠢ ᠰᠢᠷᠪᠢᠬᠦ᠂ ᠡᠷᠡᠭᠦᠯ ᠮᠡᠨᠳᠦ ᠶᠢᠨ ᠺᠣᠳ᠋ ᠪᠣᠯᠤᠨ ᠠᠶᠠᠯᠠᠯ ᠤᠨ ᠺᠣᠳ᠋ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠵᠤ ᠦᠵᠡᠭᠦᠯᠬᠦ᠂ ᠡᠵᠡᠩᠨᠡᠯᠲᠡ ᠶᠢᠨ ᠲᠠᠯᠠᠪᠤᠷ ᠭᠠᠵᠠᠷ ᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃    ᠬᠤᠶᠠᠷ᠂ ︽ᠳᠥᠷᠪᠡᠨ ᠲᠥᠷᠥᠯ ᠤᠨ ᠡᠮ︾᠎ ᠤᠨ ᠬᠠᠮᠢᠶᠠᠷᠤᠯᠲᠠ ᠶᠢ ᠴᠢᠩᠳᠠᠯᠠᠨ᠎ᠠ᠃ ᠡᠯ᠎ᠡ ᠡᠮ ᠤᠨ ᠳᠡᠯᠭᠡᠭᠦᠷ ᠤᠨ ᠬᠢᠨ ︽ᠳᠥᠷᠪᠡᠨ ᠲᠥᠷᠥᠯ ᠤᠨ ᠡᠮ︾᠎ ᠤᠨ ᠭᠠᠷᠴᠠᠭ ᠢ ᠰᠠᠶᠢᠨ ᠮᠡᠳᠡᠵᠦ᠂ ︽ᠳᠥᠷᠪᠡᠨ ᠲᠥᠷᠥᠯ ᠎ ᠤᠨ ᠡᠮ︾᠎ ᠢ ᠬᠤᠳᠠᠯᠳᠤᠨ  ᠠᠪᠤᠭᠰᠠᠳ ᠪᠦᠬᠦᠨ ᠡᠷᠬᠡᠪᠰᠢ ᠦᠨᠡᠨ ᠨᠡᠷ᠎ᠡ ᠪᠠᠷ ᠢᠶᠠᠨ ᠳᠠᠩᠰᠠᠯᠠᠭᠤᠯᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠳᠡᠯᠭᠡᠭᠦᠷ ᠤᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮ︾᠎ ᠳᠤ ᠴᠠᠭ ᠲᠤᠬᠠᠶ ᠳᠤᠨᠢ ᠳᠠᠮᠵᠢᠭᠤᠯᠵᠤ᠂ ︽ᠳᠥᠷᠪᠡᠨ ᠲᠥᠷᠥᠯ ᠤᠨ ᠡᠮ︾᠎ ᠢ ᠪᠣᠷᠣᠯᠠᠭᠤᠯᠬᠤ ᠳᠤ ︽ᠳᠠᠩᠰᠠᠯᠠᠭᠤᠯᠪᠠᠯ ᠵᠣᠬᠢᠬᠤ ᠶᠢ ᠨᠢ ᠵᠠᠪᠠᠯ ᠳᠠᠩᠰᠠᠯᠠᠭᠤᠯᠵᠤ︾᠂ ︽ᠳᠠᠮᠵᠢᠭᠤᠯᠬᠤ ᠵᠣᠬᠢᠬᠤ ᠶᠢ ᠨᠢ ᠪᠦᠬᠦᠨ ᠢ ᠳᠠᠮᠵᠢᠭᠤᠯᠬᠤ︾᠎ ᠶᠢ ᠪᠡᠶᠡᠯᠡᠭᠦᠯᠬᠦ ᠬᠡᠷᠡᠭᠲᠡᠶ᠃ ᠡᠮ ᠤᠨ ᠳᠡᠯᠭᠡᠭᠦᠷ ᠤᠨ ᠰᠢᠦᠳᠠᠨ ᠢᠶᠠᠷ ᠢᠯᠡᠭᠡᠬᠦ ᠪᠤᠶᠤ ᠵᠠᠬᠢᠶᠠᠯᠠᠭ᠎ᠠ᠂ ᠤᠷᠤᠯᠠᠨ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ︽ᠳᠥᠷᠪᠡᠨ ᠲᠥᠷᠥᠯ ᠤᠨ ᠡᠮ︾᠎ ᠢ ᠬᠤᠳᠠᠯᠳᠤᠬᠤ ᠴᠢᠩᠭ᠎ᠠ ᠴᠠᠭᠠᠵᠠᠯᠠᠨ᠎ᠠ᠃    ᠡᠮ ᠬᠤᠳᠠᠯᠳᠤᠨ ᠠᠪᠤᠭᠰᠠᠳ᠄    ᠨᠢᠭᠡ᠂ ᠥᠪᠡᠷ ᠤᠨ ᠪᠡᠶ᠎ᠡ ᠪᠠ ᠪᠤᠰᠤᠳ ᠤᠨ ᠡᠷᠡᠭᠦᠯ ᠮᠡᠨᠳᠦ ᠶᠢᠨ ᠠᠮᠤᠷ ᠲᠦᠪᠰᠢᠨ ᠤ ᠲᠥᠯᠥᠭᠡ᠂ ᠬᠠᠯᠠᠭᠤᠷᠠᠬᠤ ︵37.3 ᠭᠷᠡᠳᠦ᠋ᠰ ᠠᠴᠠ ᠬᠡᠲᠦᠷᠡᠬᠦ︶᠂ ᠬᠠᠭᠤᠷᠠᠶ ᠪᠠᠷ ᠬᠠᠨᠢᠶᠠᠯᠭᠠᠬᠤ᠂ ᠲᠣᠯᠣᠭᠠᠶ ᠡᠷᠭᠢᠬᠦ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠳᠠᠷᠤᠶᠢᠬᠠᠨ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠎ ᠳᠤ ᠬᠦᠷᠴᠦ ᠵᠢᠭᠰᠠᠭᠠᠨ ᠪᠠᠶᠢᠴᠠᠭᠠᠯᠭᠠᠵᠤ ᠣᠨᠣᠰᠢᠯᠠᠨ ᠡᠮᠨᠡᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠶᠢᠨ ᠬᠠᠮᠲᠤ᠂ ᠬᠤᠪᠢ ᠬᠥᠮᠦᠨ ᠤ ᠵᠢᠭᠤᠯᠴᠢᠯᠠᠨ ᠰᠠᠭᠤᠭᠰᠠᠨ ᠲᠡᠦᠬᠡ᠂ ᠠᠵᠢᠯᠯᠠᠭᠠᠨ ᠤ ᠵᠠᠮ ᠮᠥᠷ ᠪᠠ ᠬᠦᠷᠦᠯᠴᠡᠭᠰᠡᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠳᠡᠵᠦ᠂ ᠡᠪᠡᠳᠴᠢᠨ ᠦᠵᠡᠭᠦᠯᠬᠦ ᠵᠠᠮ ᠳᠤ ᠪᠠᠨ ᠠᠮᠠᠪᠴᠢ ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠥᠬᠦᠭᠡᠷᠦᠮᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃    ᠬᠤᠶᠠᠷ᠂ ᠡᠮ ᠤᠨ ᠵᠦᠶᠯ ᠤᠨ ᠡᠵᠡᠩᠨᠡᠯᠲᠡ ᠶᠢᠨ ᠨᠢᠭᠡᠴᠡ ᠳᠤ ᠣᠷᠣᠵᠤ ᠡᠮ ᠤᠨ ᠵᠦᠶᠯ ᠢ ᠬᠤᠳᠠᠯᠳᠤᠨ ᠠᠪᠬᠤ ᠳᠠᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠨ᠂ ᠪᠥᠬᠦ ᠶᠠᠪᠤᠴᠠ ᠳᠤ ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠬᠡᠮᠵᠢᠬᠦ᠂ ᠺᠤᠳ᠋ ᠰᠢᠯᠭᠠᠬᠤ ᠵᠡᠷᠭᠡ ᠳᠤ ᠬᠠᠮᠵᠢᠯᠴᠠᠬᠤ ᠬᠡᠷᠡᠭᠲᠡᠢ᠃ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠳᠠᠷᠤᠬᠤ᠂ ᠨᠢᠶᠠᠨ ᠳᠠᠷᠤᠬᠤ ᠵᠡᠷᠭᠡ ︽ᠳᠥᠷᠪᠡᠨ ᠲᠥᠷᠥᠯ ᠤᠨ ᠡᠮ︾᠎ ᠢ ᠬᠤᠳᠠᠯᠳᠤᠨ ᠠᠪᠬᠤ ᠳᠠᠭᠠᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠎ ᠢᠶᠠᠨ ᠰᠠᠨᠠᠭᠠᠴᠢᠯᠠᠭ᠎ᠠ ᠠᠴᠠ ᠪᠠᠨ ᠦᠵᠡᠭᠦᠯᠬᠦ ᠶᠢᠨ ᠬᠠᠮᠲᠤ ᠬᠤᠪᠢ ᠬᠥᠮᠦᠨ ᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠪᠠᠨ ᠦᠨᠡᠨ ᠪᠣᠳᠠᠲᠠᠶ ᠪᠠᠷ ᠬᠠᠩᠭᠠᠵᠤ᠂ ᠡᠮ ᠤᠨ ᠵᠦᠶᠯ ᠤᠨ ᠡᠵᠡᠩᠨᠡᠯᠲᠡ ᠶᠢᠨ ᠨᠢᠭᠡᠴᠡ ᠲᠠᠢ ᠬᠠᠮᠵᠢᠯᠴᠠᠨ ︽ᠳᠥᠷᠪᠡᠨ ᠲᠥᠷᠥᠯ ᠤᠨ ᠡᠮ︾᠎ ᠤᠨ  ᠪᠣᠷᠣᠯᠠᠭᠤᠯᠭ᠎ᠠ ᠶᠢᠨ ᠦᠨᠡᠨ ᠨᠡᠷ᠎ᠡ ᠪᠠᠷ ᠳᠡᠩᠰᠡᠯᠡᠵᠦ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠨᠡᠶᠢᠭᠡᠮ ᠲᠣᠭᠤᠷᠢᠭ ᠎ ᠤᠨ ᠠᠵᠢᠯᠲᠠᠨ ᠤ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ᠂ ᠳ᠋ᠢᠶᠠᠩᠬᠤᠸᠠ ᠪᠠᠷ ᠠᠰᠠᠭᠤᠨ ᠯᠠᠪᠯᠠᠬᠤ ᠳᠤ ᠬᠠᠮᠵᠢᠯᠴᠠᠵᠤ᠂ ᠡᠪᠡᠳᠴᠢᠨ ᠤ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃    ᠰᠤᠮᠤ ᠪᠠᠯᠭᠠᠰᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ᠄    ᠰᠤᠮᠤ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠰᠠᠶᠢᠲᠤᠷ ᠬᠢᠵᠦ᠂ ︽ᠳᠥᠷᠪᠡᠨ ᠲᠥᠷᠥᠯ ᠤᠨ ᠡᠮ︾᠎ ᠢ ᠬᠤᠳᠠᠯᠳᠤᠨ ᠠᠪᠤᠭᠰᠠᠳ ᠢ ᠬᠤᠪᠢ ᠪᠡᠶ᠎ᠡ ᠶᠢᠨ ᠠᠵᠢᠭᠯᠠᠯᠲᠠ ᠪᠠᠶᠢᠴᠠᠭᠠᠯᠲᠠ ᠬᠢᠬᠦ ᠶᠢ ᠠᠩᠬᠠᠷᠴᠤ᠂ ᠬᠠᠯᠠᠭᠤᠷᠠᠬᠤ ︵37.3 ᠭᠷᠡᠳᠦ᠋ᠰ ᠠᠴᠠ ᠬᠡᠲᠦᠷᠡᠬᠦ︶ ᠂ ᠬᠠᠭᠤᠷᠠᠶ ᠪᠠᠷ ᠬᠠᠨᠢᠶᠠᠯᠭᠠᠬᠤ᠂ ᠲᠣᠯᠣᠭᠠᠶ ᠡᠷᠭᠢᠬᠦ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠳᠠᠷᠤᠶᠢᠬᠠᠨ ᠣᠶᠢᠷ᠎ᠠ ᠬᠠᠪᠢ ᠶᠢᠨ ᠡᠮᠴᠢᠯᠡᠭᠡᠨ ᠎ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠵᠢᠭᠰᠠᠭᠠᠨ ᠪᠠᠶᠢᠴᠠᠭᠠᠯᠭᠠᠵᠤ ᠣᠨᠣᠰᠢᠯᠠᠨ ᠡᠮᠨᠡᠭᠦᠯᠬᠦ ᠶᠢ ᠢᠳᠡᠪᠬᠢᠲᠡᠢ ᠰᠠᠨᠠᠭᠠᠴᠢᠯᠠᠬᠤ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠳᠥᠷᠪᠡᠨ ᠲᠥᠷᠥᠯ ᠤᠨ ᠡᠮ︾᠎ ᠢ ᠬᠤᠳᠠᠯᠳᠤᠨ ᠠᠪᠤᠭᠰᠠᠳ ᠲᠤ ᠲᠣᠭᠲᠠᠮᠠᠯ ᠪᠤᠰᠤ ᠬᠤᠭᠤᠴᠠᠭ᠎ᠠ ᠲᠠᠢ ᠰᠤᠭᠤᠴᠢᠨ ᠪᠠᠶᠢᠴᠠᠭᠠᠯᠲᠠ ᠬᠢᠬᠦ ᠬᠡᠷᠡᠭᠲᠡᠶ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠶᠯᠡᠳᠦᠯ ᠢ ᠪᠠᠳᠠᠷᠠᠭᠤᠯᠬᠤ ᠪᠣᠯ ᠡᠮ ᠤᠨ ᠳᠡᠯᠭᠡᠭᠦᠷ ᠤᠨ ᠵᠠᠶᠢᠯᠠᠭᠤᠯᠵᠤ ᠪᠣᠯᠤᠰᠢ ᠥᠬᠡᠶ ᠲᠤᠰᠢᠶᠠᠯ ᠬᠠᠷᠢᠭᠤᠴᠠᠯᠭ᠎ᠠ ᠮᠥᠨ᠃ ᠤᠯᠠᠨ ᠢᠶᠠᠷ ᠢᠶᠠᠨ ︽ᠳᠥᠷᠪᠡᠨ ᠲᠥᠷᠥᠯ ᠤᠨ ᠡᠮ︾᠎ ᠢ ᠬᠤᠳᠠᠯᠳᠤᠨ ᠠᠪᠬᠤ ᠳᠤ ᠦᠨᠡᠨ ᠨᠡᠷ᠎ᠡ ᠪᠠᠷ ᠢᠶᠠᠨ ᠳᠠᠩᠰᠠᠯᠠᠭᠤᠯᠵᠤ᠂ ᠬᠠᠷᠢᠯᠴᠠᠨ ᠣᠶᠢᠯᠠᠭᠠᠵᠤ ᠬᠠᠷᠢᠯᠴᠠᠨ ᠳᠡᠮᠵᠢᠬᠦ ᠶᠢ ᠬᠦᠰᠡᠵᠦ ᠪᠠᠶᠢᠨ᠎ᠠ᠃                        ᠰᠥᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                          ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ                                 2022 ᠣᠨ ᠤ 11 ᠰᠠᠷ᠎ᠠ ᠶᠢᠨ 29᠎ ᠤ ᠡᠳᠦᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号