ᠮᠠᠨ ᠤ ᠬᠤᠰᠢᠭᠤ 2022 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠢᠨᠵᠧᠨᠧᠷᠢᠩ ᠤᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠪᠠ ᠡᠵᠡᠩᠨᠡᠯᠲᠡ ᠬᠠᠮᠢᠶᠠᠷᠤᠯᠲᠠ ᠶᠢᠨ ᠪᠣᠯᠪᠠᠰᠤᠷᠠᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ
ᠨᠡᠶᠢᠲᠡᠯᠡᠭᠰᠡᠨ ᠴᠠᠭ᠄
2022/12/20
   11 ᠰᠠᠷ᠎ᠠ ᠶᠢᠨ 17 ᠤ ᠡᠳᠦᠷ ᠠᠴᠠ 23 ᠤ ᠡᠳᠦᠷ ᠪᠣᠯᠲᠠᠯ᠎ᠠ᠂ ᠬᠤᠰᠢᠭᠤ ᠲᠠᠷᠢᠶᠠᠯᠠᠩ ᠮᠠᠯ ᠠᠵᠤ ᠠᠬᠤᠶ  ᠶᠢᠨ ᠮᠡᠷᠭᠡᠵᠢᠯ ᠳᠡᠯᠭᠡᠷᠡᠭᠦᠯᠬᠦ ᠲᠥᠪ ᠪᠥᠬᠦ ᠬᠤᠰᠢᠭᠤᠨ ᠤ 7 ᠰᠤᠮᠤ ᠪᠠᠯᠭᠠᠰᠤᠨ ᠳᠤ ᠭᠦᠨᠵᠡᠭᠡᠶᠢᠷᠡᠨ᠂ 2022 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠢᠨᠵᠧᠨᠧᠷᠢᠩ ᠤᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠵᠤ᠂ ᠨᠡᠶᠢᠲᠡ 70 ᠮᠠᠯᠴᠢᠨ ᠲᠠᠷᠢᠶᠠᠴᠢᠨ ᠪᠤᠯᠪᠠᠰᠤᠷᠠᠯ ᠳᠤ ᠤᠷᠤᠯᠴᠠᠵᠤ᠂ ᠶᠡᠷᠦᠩᠬᠡᠶ ᠦᠨᠡᠯᠡᠯᠲᠡ ᠶᠢᠨ ᠨᠣᠷᠮ᠎ᠠ ᠶᠢ 100 % ᠳᠤ ᠬᠦᠷᠴᠡᠢ᠃
   ᠲᠤᠰ ᠤᠳᠠᠭᠠᠨ ᠤ ᠪᠤᠯᠪᠠᠰᠤᠷᠠᠯ ᠨᠢ ᠨᠢᠭᠡ ᠲᠠᠯ᠎ᠠ ᠪᠠᠷ ᠤᠷᠤᠯᠴᠠᠭᠰᠠᠳ ᠤᠨ ᠣᠨᠣᠯ ᠤᠨ ᠮᠡᠳᠡᠯᠭᠡ ᠶᠢ ᠲᠡᠭᠦᠯᠳᠡᠷᠵᠢᠭᠦᠯᠦᠨ᠂ ᠦᠵᠡᠯᠲᠡ ᠶᠢ ᠨᠢ ᠰᠢᠨᠡᠳᠬᠡᠵᠦ᠂ ︽ᠰᠣᠶᠣᠯ ᠲᠠᠢ᠂ ᠮᠡᠷᠭᠡᠵᠢᠯ ᠲᠠᠢ᠂ ᠡᠵᠡᠩᠨᠡᠬᠦ ᠳᠡᠭᠡᠨ ᠴᠢᠳᠠᠮᠠᠭᠠᠶ᠂ ᠬᠠᠮᠢᠶᠠᠷᠤᠯᠲᠠ ᠬᠢᠵᠦ ᠴᠢᠳᠠᠬᠤ︾ ᠥᠨᠳᠥᠷ ᠬᠡᠪ  ᠪᠤᠯᠪᠠᠰᠤᠷᠠᠯ ᠲᠠᠢ ᠮᠠᠯᠴᠢᠨ ᠲᠠᠷᠢᠶᠠᠴᠢᠨ ᠤ ᠡᠩᠨᠡᠭᠡ  ᠶᠢ ᠪᠠᠶᠢᠭᠤᠯᠬᠤ ᠳᠤ ᠬᠦᠴᠦᠨ ᠨᠡᠮᠡᠷᠢᠯᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号