ᠰᠡᠳᠬᠢᠯ ᠳᠤ ᠤᠶᠠᠭᠠᠲᠠᠢ ᠡᠬᠡ ᠤᠯᠤᠰ  ᠦᠨᠳᠦᠰᠦ ᠬᠠᠳᠬᠤᠭᠰᠠᠨ ᠲᠠᠯ᠎ᠠ ᠨᠤᠲᠤᠭ-- ︽ᠤᠯᠤᠰ ᠤᠨ ᠬᠡᠦᠬᠡᠳ︾ ᠪᠥᠯᠬᠦᠮᠳᠡᠯ
ᠨᠡᠶᠢᠲᠡᠯᠡᠭᠰᠡᠨ ᠴᠠᠭ᠄
2022/12/21
                                                            ᠰᠤᠷᠪᠤᠯᠵᠢᠯᠠᠭᠴᠢ᠄ ᠬᠠᠪᠤᠷ    ᠳᠡᠭᠡᠷ᠎ᠡ ᠵᠠᠭᠤᠨ ᠤ ᠲᠠᠪᠢᠭᠠᠳ ᠣᠨ ᠤ ᠰᠡᠭᠦᠯᠴᠢ ᠵᠢᠷᠠᠭᠠᠳ ᠣᠨ ᠤ ᠡᠬᠢ ᠪᠠᠷ ᠮᠠᠨ ᠤ ᠤᠯᠤᠰ ᠬᠥᠨᠳᠦ ᠨᠤᠴᠢᠲᠠᠢ ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠣᠨᠴᠠᠭᠠᠢ ᠬᠦᠴᠢᠷᠳᠡᠯ ᠲᠠᠢ ᠴᠠᠭ ᠦᠶ᠎ᠡ ᠳᠤ᠂ ᠥᠪᠥᠷ ᠮᠣᠩᠭᠤᠯ 3000 ᠭᠠᠷᠤᠢ ᠡᠮᠦᠨᠡᠲᠦ ᠣᠷᠣᠨ ᠤ ᠥᠨᠥᠴᠢᠨ ᠨᠢᠯᠬ᠎ᠠ ᠬᠡᠦᠬᠡᠳ ᠢ ᠬᠦᠯᠢᠶᠡᠨ ᠠᠪᠴᠤ᠂ ᠲᠠᠯ᠎ᠠ ᠨᠤᠲᠤᠭ ᠤᠨ ᠠᠪᠤ ᠡᠵᠢ ᠨᠠᠷ ᠲᠡᠳᠡᠨ ᠢ ᠦᠷᠡᠴᠢᠯᠡᠨ ᠥᠰᠬᠡᠭᠰᠡᠨ ᠶᠤᠮ᠃ ᠡᠳᠡᠭᠡᠷ ᠬᠡᠦᠬᠡᠳ ᠢ ᠬᠦᠮᠦᠰ ︽ᠤᠯᠤᠰ ᠤᠨ ᠬᠡᠦᠬᠡᠳ︾ ᠬᠡᠮᠡᠨ ᠳᠣᠲᠣᠨᠣᠴᠢᠯᠠᠨ ᠳᠠᠭᠤᠳᠠᠳᠠᠭ ᠶᠤᠮ᠃ ᠪᠥᠯᠬᠦᠮᠳᠡᠯ ᠨᠠᠰᠤᠲᠠᠨ ᠳᠠᠷᠤᠢ ᠲᠡᠳᠡᠨ ᠤ ᠳᠤᠲᠤᠷᠠᠬᠢ ᠨᠢᠭᠡ ᠨᠢ ᠪᠤᠯᠤᠨ᠎ᠠ᠃
   ᠪᠥᠯᠬᠦᠮᠳᠡᠯ ᠨᠠᠰᠤᠲᠠᠨ ᠤᠯᠤᠰ ᠤᠨ ᠬᠡᠦᠬᠡᠳ ᠢᠶᠠᠷ ᠰᠡᠳᠦᠪᠯᠡᠭᠰᠡᠨ ᠺᠢᠨᠤ᠋ ︽ᠰᠦᠨ ᠳᠠᠯᠠᠢ ᠶᠢᠨ ᠵᠡᠷᠭᠡᠯᠭᠡ︾᠎ ᠶᠢ ᠦᠵᠡᠭᠡᠳ ᠶᠡᠭᠡ ᠯᠠ ᠰᠡᠳᠬᠢᠯ ᠬᠦᠳᠡᠯᠵᠦ᠂ ︽ᠺᠢᠨᠣ᠋ ᠳᠤᠳᠤᠷᠠᠬᠢ ᠬᠡᠦᠬᠡᠳ ᠤᠳ ᠲᠠᠯ᠎ᠠ ᠨᠤᠲᠤᠭ ᠲᠤ ᠢᠷᠡᠬᠦ ᠳᠤ ᠪᠠᠨ ᠣᠯᠠᠩᠬᠢ ᠨᠢ ᠲᠠᠪᠤ ᠵᠢᠷᠭᠤᠭᠠᠨ ᠨᠠᠰᠤ ᠬᠦᠷᠴᠢᠬᠡᠭᠰᠡᠨ ᠪᠠᠶᠢᠭᠰᠠᠨ᠂ ᠭᠡᠪᠡᠴᠦ ᠮᠠᠨᠤᠰ ᠢᠷᠡᠬᠦ ᠳᠡᠭᠡᠨ ᠣᠯᠠᠩᠬᠢ ᠨᠢ ᠪᠥᠷ ᠤᠯᠠᠭᠠᠨ ᠨᠢᠯᠬ᠎ᠠ ᠪᠠᠶᠢᠯ᠎ᠠ ᠭᠡᠳᠡᠭ ᠁︾ ᠭᠡᠵᠦ ᠥᠩᠭᠡᠷᠡᠭᠰᠡᠨ ᠢᠶᠠᠨ ᠡᠷᠭᠢᠴᠡᠭᠦᠯᠦᠭᠰᠡᠭᠡᠷ ᠶᠠᠷᠢᠶ᠎ᠠ ᠪᠠᠨ ᠳᠡᠯᠭᠡᠵᠡᠢ᠃
    ︽ᠡᠵᠢ ᠶᠢᠨ ᠬᠡᠯᠡᠬᠦ ᠪᠠᠷ᠂ ᠪᠢ ᠲᠡᠷᠡ ᠦᠶ᠎ᠡ ᠳᠤ ᠰᠠᠶ᠋ᠢ ᠨᠠᠢᠮᠠᠨ ᠰᠠᠷ᠎ᠠ ᠭᠠᠷᠤᠢ ᠲᠠᠢ ᠪᠠᠶᠢᠭᠰᠠᠨ ᠭᠡᠳᠡᠭ᠂ ᠲᠡᠷᠡ ᠦᠶ᠎ᠡ ᠳᠤ ᠰᠥᠨᠢᠳ ᠪᠠᠷᠠᠭᠤᠨ ᠬᠤᠰᠢᠭᠤᠨ ᠳᠤ ᠨᠡᠶᠢᠲᠡ 300 ᠭᠠᠷᠤᠢ ᠬᠡᠦᠬᠡᠳ ᠢᠷᠡᠵᠦ᠂ ᠤᠯᠠᠩᠬᠢ ᠨᠢ ᠠᠶᠢᠯ ᠳᠤ ᠡᠷᠭᠦᠭᠳᠡᠨ᠂ ᠬᠠᠮᠤᠭ ᠰᠡᠭᠦᠯ ᠳᠤ ᠨᠢ ᠨᠢᠯᠬ᠎ᠠ ᠪᠡᠶ᠎ᠡ ᠪᠠᠭᠤᠷᠠᠢ 5 ᠬᠡᠦᠬᠡᠳ ᠦᠯᠡᠳᠡᠭᠰᠡᠨ ᠪᠠᠶᠢᠬᠤ ᠳᠤ ᠡᠵᠢ ᠮᠢᠨᠢ ᠨᠠᠮᠠᠶᠢ ᠶᠢ ᠦᠷᠡᠴᠢᠯᠡᠨ ᠥᠰᠬᠡᠭᠰᠡᠨ ᠶᠤᠮ ᠭᠡᠨ᠎ᠡ︾ ᠡᠷᠭᠦᠭᠰᠡᠨ ᠡᠵᠢ ᠠᠪᠤ ᠪᠠᠨ ᠶᠠᠷᠢᠬᠤ ᠳᠤ ᠪᠦᠯᠬᠦᠮᠳᠡᠯ ᠨᠠᠰᠤᠲᠠᠨ ᠤ ᠴᠢᠷᠠᠢ ᠳᠤ ᠡᠶᠡᠯᠳᠡᠭ ᠵᠥᠭᠡᠯᠡᠨ ᠢᠨᠢᠶᠡᠳᠦ ᠲᠤᠳᠤᠷᠠᠨ᠎ᠠ᠃ ᠠᠴᠢᠲᠤᠠᠠᠭᠤᠯᠠ ᠰᠤᠮᠤᠨ ᠤ ᠮᠠᠯᠴᠢᠨ ᠨᠠᠮ ᠤᠨ ᠭᠡᠰᠢᠭᠦᠨ ᠳᠠᠷᠢᠮ᠎ᠠ ᠲᠡᠭᠦᠨ ᠢ ᠡᠷᠭᠦᠨ ᠠᠪᠴᠤ᠂ ᠡᠯ᠎ᠡ ᠦᠨᠳᠦᠰᠦᠲᠡᠨ ᠤ ᠠᠷᠠᠳ ᠲᠦᠮᠡᠨ ᠤ ᠪᠥᠯᠬᠦᠮᠳᠡᠯ ᠢ ᠪᠡᠯᠭᠡᠳᠡᠨ ︽ᠪᠥᠯᠬᠦᠮᠳᠡᠯ︾ ᠭᠡᠰᠡᠨ ᠨᠡᠷ᠎ᠡ ᠥᠭᠴᠡᠢ᠃
    ᠪᠥᠯᠬᠦᠮᠳᠡᠯ ᠲᠠᠯ᠎ᠠ ᠨᠤᠲᠤᠭ ᠤᠨ ᠡᠵᠢ ᠠᠪᠤ ᠶᠢᠨ ᠬᠠᠶᠢᠷ᠎ᠠ ᠢᠪᠡᠭᠡᠯ ᠰᠤᠷᠭᠠᠯ ᠬᠦᠮᠦᠵᠢᠯ ᠳᠤᠤᠷ᠎ᠠ ᠡᠷᠡᠭᠦᠯ ᠴᠢᠬᠢᠷᠠᠭ ᠢᠶᠠᠷ ᠥᠰᠦᠨ ᠪᠤᠶᠢᠵᠢᠵᠤ᠂ ᠥᠪᠡᠷ ᠤᠨ ᠠᠵᠢᠯ ᠥᠢᠯᠡᠰ ᠭᠡᠷ ᠪᠥᠯᠢ ᠲᠠᠢ ᠪᠣᠯᠵᠤ᠂ ᠳᠥᠷᠪᠡᠨ ᠬᠡᠦᠬᠡᠳ ᠢᠶᠠᠨ ᠥᠰᠬᠡᠵᠦ᠂ ᠠᠵᠢᠯᠴᠢ ᠬᠥᠳᠡᠯᠮᠦᠷᠢᠴᠢ ᠪᠠᠷ ᠠᠮᠢᠳᠤᠷᠠᠯ ᠢᠶᠠᠨ ᠴᠤᠭᠴᠠᠯᠠᠭᠰᠠᠭᠠᠷ ᠢᠷᠡᠭᠰᠡᠨ ᠢᠶᠠᠨ ᠤᠷᠢᠳ ᠬᠤᠵᠢᠳ ᠬᠤᠰᠢᠭᠤ᠂ ᠠᠶᠢᠮᠠᠭ᠂ ᠥᠪᠡᠷᠲᠡᠭᠡᠨ ᠵᠠᠰᠠᠬᠤ ᠣᠷᠣᠨ ᠤ ᠳᠡᠰ ᠤᠨ ︽ᠬᠠᠮᠤᠭ ᠭᠤᠶᠣ ᠭᠡᠷ ᠪᠦᠯᠢ︾᠂ ︽ᠲᠠᠪᠤᠨ ᠰᠠᠶᠢᠨᠲᠠᠢ ᠭᠡᠷ ᠪᠦᠯᠢ︾ ᠵᠡᠷᠭᠡ ᠤᠯᠠᠨ ᠰᠠᠶᠢᠬᠠᠨ ᠢᠷᠠᠭᠤ ᠠᠯᠳᠠᠷ ᠢ ᠬᠦᠷᠲᠡᠵᠦ᠂ ᠡᠨᠡ ᠵᠢᠯ ᠭᠠᠴᠠᠭᠠᠨ ᠤ ᠵᠥᠪᠯᠡᠯ ᠠᠴᠠ ᠨᠢ ᠲᠡᠳᠡᠨ ᠤ ᠬᠢᠨ ᠳᠤ ︽ᠦᠨᠳᠦᠰᠦᠲᠡᠨ ᠤ ᠪᠦᠯᠬᠦᠮᠳᠡᠯᠲᠦ ᠭᠡᠷ ᠪᠦᠯᠢ︾᠎ ᠶᠢᠨ ᠢᠷᠠᠭᠤ ᠠᠯᠳᠠᠷ ᠢ ᠣᠯᠭᠤᠭᠰᠠᠨ ᠪᠠᠶᠢᠨ᠎ᠠ᠃    ᠪᠥᠯᠬᠦᠮᠳᠡᠯ ᠨᠠᠰᠤᠲᠠᠨ ᠣᠳᠣ ᠰᠠᠶᠢᠬᠠᠨᠲᠠᠯ᠎ᠠ ᠪᠠᠯᠭᠠᠰᠤᠨ ᠳᠤ ᠳᠤᠯᠠᠭᠠᠨ ᠲᠠᠪᠠᠲᠠᠢ ᠭᠡᠷ ᠤᠷᠤᠨ ᠳᠤ ᠪᠠᠨ ᠦᠷ᠎ᠡ ᠬᠡᠦᠬᠡᠳ ᠤᠳ ᠲᠠᠢ ᠪᠠᠨ ᠥᠲᠡᠯᠦᠭᠡ ᠨᠠᠰᠤ ᠪᠠᠨ ᠪᠠᠶᠠᠷ ᠵᠢᠷᠭᠠᠯ ᠲᠠᠢ ᠥᠩᠭᠡᠷᠡᠭᠦᠯᠵᠦ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号