ᠰᠤᠷᠪᠤᠯᠵᠢᠯᠠᠭᠴᠢ᠄ ᠬᠠᠪᠤᠷ | | ᠳᠡᠭᠡᠷ᠎ᠡ ᠵᠠᠭᠤᠨ ᠤ ᠲᠠᠪᠢᠭᠠᠳ ᠣᠨ ᠤ ᠰᠡᠭᠦᠯᠴᠢ ᠵᠢᠷᠠᠭᠠᠳ ᠣᠨ ᠤ ᠡᠬᠢ ᠪᠠᠷ ᠮᠠᠨ ᠤ ᠤᠯᠤᠰ ᠬᠥᠨᠳᠦ | ᠨᠤᠴᠢᠲᠠᠢ ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠣᠨᠴᠠᠭᠠᠢ ᠬᠦᠴᠢᠷᠳᠡᠯ ᠲᠠᠢ ᠴᠠᠭ ᠦᠶ᠎ᠡ ᠳᠤ᠂ ᠥᠪᠥᠷ | ᠮᠣᠩᠭᠤᠯ 3000 ᠭᠠᠷᠤᠢ ᠡᠮᠦᠨᠡᠲᠦ ᠣᠷᠣᠨ ᠤ ᠥᠨᠥᠴᠢᠨ ᠨᠢᠯᠬ᠎ᠠ ᠬᠡᠦᠬᠡᠳ ᠢ ᠬᠦᠯᠢᠶᠡᠨ ᠠᠪᠴᠤ᠂ ᠲᠠᠯ᠎ᠠ | ᠨᠤᠲᠤᠭ ᠤᠨ ᠠᠪᠤ ᠡᠵᠢ ᠨᠠᠷ ᠲᠡᠳᠡᠨ ᠢ ᠦᠷᠡᠴᠢᠯᠡᠨ ᠥᠰᠬᠡᠭᠰᠡᠨ ᠶᠤᠮ᠃ ᠡᠳᠡᠭᠡᠷ ᠬᠡᠦᠬᠡᠳ ᠢ ᠬᠦᠮᠦᠰ ︽ | ᠤᠯᠤᠰ ᠤᠨ ᠬᠡᠦᠬᠡᠳ︾ ᠬᠡᠮᠡᠨ ᠳᠣᠲᠣᠨᠣᠴᠢᠯᠠᠨ ᠳᠠᠭᠤᠳᠠᠳᠠᠭ ᠶᠤᠮ᠃ ᠪᠥᠯᠬᠦᠮᠳᠡᠯ ᠨᠠᠰᠤᠲᠠᠨ ᠳᠠᠷᠤᠢ ᠲᠡᠳᠡᠨ ᠤ | ᠳᠤᠲᠤᠷᠠᠬᠢ ᠨᠢᠭᠡ ᠨᠢ ᠪᠤᠯᠤᠨ᠎ᠠ᠃ | | | | | | | ᠪᠥᠯᠬᠦᠮᠳᠡᠯ ᠨᠠᠰᠤᠲᠠᠨ ᠤᠯᠤᠰ ᠤᠨ ᠬᠡᠦᠬᠡᠳ ᠢᠶᠠᠷ ᠰᠡᠳᠦᠪᠯᠡᠭᠰᠡᠨ ᠺᠢᠨᠤ᠋ ︽ᠰᠦᠨ ᠳᠠᠯᠠᠢ ᠶᠢᠨ ᠵᠡᠷᠭᠡᠯᠭᠡ︾ ᠶᠢ | ᠦᠵᠡᠭᠡᠳ ᠶᠡᠭᠡ ᠯᠠ ᠰᠡᠳᠬᠢᠯ ᠬᠦᠳᠡᠯᠵᠦ᠂ ︽ᠺᠢᠨᠣ᠋ ᠳᠤᠳᠤᠷᠠᠬᠢ ᠬᠡᠦᠬᠡᠳ ᠤᠳ ᠲᠠᠯ᠎ᠠ ᠨᠤᠲᠤᠭ ᠲᠤ | ᠢᠷᠡᠬᠦ ᠳᠤ ᠪᠠᠨ ᠣᠯᠠᠩᠬᠢ ᠨᠢ ᠲᠠᠪᠤ ᠵᠢᠷᠭᠤᠭᠠᠨ ᠨᠠᠰᠤ ᠬᠦᠷᠴᠢᠬᠡᠭᠰᠡᠨ ᠪᠠᠶᠢᠭᠰᠠᠨ᠂ ᠭᠡᠪᠡᠴᠦ ᠮᠠᠨᠤᠰ ᠢᠷᠡᠬᠦ ᠳᠡᠭᠡᠨ | ᠣᠯᠠᠩᠬᠢ ᠨᠢ ᠪᠥᠷ ᠤᠯᠠᠭᠠᠨ ᠨᠢᠯᠬ᠎ᠠ ᠪᠠᠶᠢᠯ᠎ᠠ ᠭᠡᠳᠡᠭ ᠁︾ ᠭᠡᠵᠦ ᠥᠩᠭᠡᠷᠡᠭᠰᠡᠨ ᠢᠶᠠᠨ ᠡᠷᠭᠢᠴᠡᠭᠦᠯᠦᠭᠰᠡᠭᠡᠷ | ᠶᠠᠷᠢᠶ᠎ᠠ ᠪᠠᠨ ᠳᠡᠯᠭᠡᠵᠡᠢ᠃ | | | | ︽ᠡᠵᠢ ᠶᠢᠨ ᠬᠡᠯᠡᠬᠦ ᠪᠠᠷ᠂ ᠪᠢ ᠲᠡᠷᠡ ᠦᠶ᠎ᠡ ᠳᠤ ᠰᠠᠶ᠋ᠢ ᠨᠠᠢᠮᠠᠨ ᠰᠠᠷ᠎ᠠ ᠭᠠᠷᠤᠢ ᠲᠠᠢ ᠪᠠᠶᠢᠭᠰᠠᠨ ᠭᠡᠳᠡᠭ᠂ | ᠲᠡᠷᠡ ᠦᠶ᠎ᠡ ᠳᠤ ᠰᠥᠨᠢᠳ ᠪᠠᠷᠠᠭᠤᠨ ᠬᠤᠰᠢᠭᠤᠨ ᠳᠤ ᠨᠡᠶᠢᠲᠡ 300 ᠭᠠᠷᠤᠢ ᠬᠡᠦᠬᠡᠳ ᠢᠷᠡᠵᠦ᠂ ᠤᠯᠠᠩᠬᠢ ᠨᠢ | ᠠᠶᠢᠯ ᠳᠤ ᠡᠷᠭᠦᠭᠳᠡᠨ᠂ ᠬᠠᠮᠤᠭ ᠰᠡᠭᠦᠯ ᠳᠤ ᠨᠢ ᠨᠢᠯᠬ᠎ᠠ ᠪᠡᠶ᠎ᠡ ᠪᠠᠭᠤᠷᠠᠢ 5 ᠬᠡᠦᠬᠡᠳ ᠦᠯᠡᠳᠡᠭᠰᠡᠨ ᠪᠠᠶᠢᠬᠤ ᠳᠤ | ᠡᠵᠢ ᠮᠢᠨᠢ ᠨᠠᠮᠠᠶᠢ ᠶᠢ ᠦᠷᠡᠴᠢᠯᠡᠨ ᠥᠰᠬᠡᠭᠰᠡᠨ ᠶᠤᠮ ᠭᠡᠨ᠎ᠡ︾ ᠡᠷᠭᠦᠭᠰᠡᠨ ᠡᠵᠢ ᠠᠪᠤ ᠪᠠᠨ ᠶᠠᠷᠢᠬᠤ ᠳᠤ | ᠪᠦᠯᠬᠦᠮᠳᠡᠯ ᠨᠠᠰᠤᠲᠠᠨ ᠤ ᠴᠢᠷᠠᠢ ᠳᠤ ᠡᠶᠡᠯᠳᠡᠭ ᠵᠥᠭᠡᠯᠡᠨ ᠢᠨᠢᠶᠡᠳᠦ ᠲᠤᠳᠤᠷᠠᠨ᠎ᠠ᠃ ᠠᠴᠢᠲᠤᠠᠠᠭᠤᠯᠠ ᠰᠤᠮᠤᠨ ᠤ | ᠮᠠᠯᠴᠢᠨ ᠨᠠᠮ ᠤᠨ ᠭᠡᠰᠢᠭᠦᠨ ᠳᠠᠷᠢᠮ᠎ᠠ ᠲᠡᠭᠦᠨ ᠢ ᠡᠷᠭᠦᠨ ᠠᠪᠴᠤ᠂ ᠡᠯ᠎ᠡ ᠦᠨᠳᠦᠰᠦᠲᠡᠨ ᠤ ᠠᠷᠠᠳ ᠲᠦᠮᠡᠨ ᠤ | ᠪᠥᠯᠬᠦᠮᠳᠡᠯ ᠢ ᠪᠡᠯᠭᠡᠳᠡᠨ ︽ᠪᠥᠯᠬᠦᠮᠳᠡᠯ︾ ᠭᠡᠰᠡᠨ ᠨᠡᠷ᠎ᠡ ᠥᠭᠴᠡᠢ᠃ | | | | ᠪᠥᠯᠬᠦᠮᠳᠡᠯ ᠲᠠᠯ᠎ᠠ ᠨᠤᠲᠤᠭ ᠤᠨ ᠡᠵᠢ ᠠᠪᠤ ᠶᠢᠨ ᠬᠠᠶᠢᠷ᠎ᠠ ᠢᠪᠡᠭᠡᠯ ᠰᠤᠷᠭᠠᠯ ᠬᠦᠮᠦᠵᠢᠯ ᠳᠤᠤᠷ᠎ᠠ ᠡᠷᠡᠭᠦᠯ | ᠴᠢᠬᠢᠷᠠᠭ ᠢᠶᠠᠷ ᠥᠰᠦᠨ ᠪᠤᠶᠢᠵᠢᠵᠤ᠂ ᠥᠪᠡᠷ ᠤᠨ ᠠᠵᠢᠯ ᠥᠢᠯᠡᠰ ᠭᠡᠷ ᠪᠥᠯᠢ ᠲᠠᠢ ᠪᠣᠯᠵᠤ᠂ ᠳᠥᠷᠪᠡᠨ | ᠬᠡᠦᠬᠡᠳ ᠢᠶᠠᠨ ᠥᠰᠬᠡᠵᠦ᠂ ᠠᠵᠢᠯᠴᠢ ᠬᠥᠳᠡᠯᠮᠦᠷᠢᠴᠢ ᠪᠠᠷ ᠠᠮᠢᠳᠤᠷᠠᠯ ᠢᠶᠠᠨ ᠴᠤᠭᠴᠠᠯᠠᠭᠰᠠᠭᠠᠷ ᠢᠷᠡᠭᠰᠡᠨ ᠢᠶᠠᠨ | ᠤᠷᠢᠳ ᠬᠤᠵᠢᠳ ᠬᠤᠰᠢᠭᠤ᠂ ᠠᠶᠢᠮᠠᠭ᠂ ᠥᠪᠡᠷᠲᠡᠭᠡᠨ ᠵᠠᠰᠠᠬᠤ ᠣᠷᠣᠨ ᠤ ᠳᠡᠰ ᠤᠨ ︽ᠬᠠᠮᠤᠭ ᠭᠤᠶᠣ ᠭᠡᠷ | ᠪᠦᠯᠢ︾᠂ ︽ᠲᠠᠪᠤᠨ ᠰᠠᠶᠢᠨᠲᠠᠢ ᠭᠡᠷ ᠪᠦᠯᠢ︾ ᠵᠡᠷᠭᠡ ᠤᠯᠠᠨ ᠰᠠᠶᠢᠬᠠᠨ ᠢᠷᠠᠭᠤ ᠠᠯᠳᠠᠷ ᠢ ᠬᠦᠷᠲᠡᠵᠦ᠂ ᠡᠨᠡ ᠵᠢᠯ | ᠭᠠᠴᠠᠭᠠᠨ ᠤ ᠵᠥᠪᠯᠡᠯ ᠠᠴᠠ ᠨᠢ ᠲᠡᠳᠡᠨ ᠤ ᠬᠢᠨ ᠳᠤ ︽ᠦᠨᠳᠦᠰᠦᠲᠡᠨ ᠤ ᠪᠦᠯᠬᠦᠮᠳᠡᠯᠲᠦ ᠭᠡᠷ ᠪᠦᠯᠢ︾ ᠶᠢᠨ | ᠢᠷᠠᠭᠤ ᠠᠯᠳᠠᠷ ᠢ ᠣᠯᠭᠤᠭᠰᠠᠨ ᠪᠠᠶᠢᠨ᠎ᠠ᠃ | ᠪᠥᠯᠬᠦᠮᠳᠡᠯ ᠨᠠᠰᠤᠲᠠᠨ ᠣᠳᠣ ᠰᠠᠶᠢᠬᠠᠨᠲᠠᠯ᠎ᠠ ᠪᠠᠯᠭᠠᠰᠤᠨ ᠳᠤ ᠳᠤᠯᠠᠭᠠᠨ ᠲᠠᠪᠠᠲᠠᠢ ᠭᠡᠷ ᠤᠷᠤᠨ ᠳᠤ ᠪᠠᠨ ᠦᠷ᠎ᠡ | ᠬᠡᠦᠬᠡᠳ ᠤᠳ ᠲᠠᠢ ᠪᠠᠨ ᠥᠲᠡᠯᠦᠭᠡ ᠨᠠᠰᠤ ᠪᠠᠨ ᠪᠠᠶᠠᠷ ᠵᠢᠷᠭᠠᠯ ᠲᠠᠢ ᠥᠩᠭᠡᠷᠡᠭᠦᠯᠵᠦ ᠪᠠᠶᠢᠨ᠎ᠠ᠃ | |