ᠰᠥᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠰᠠᠶᠢᠬᠠᠨᠲᠠᠯ᠎ᠠ ᠪᠠᠯᠭᠠᠰᠤᠨ ᠤ ᠬᠤᠲᠠ  ᠶᠢᠨ ᠲᠣᠭᠤᠷᠢᠭ ᠤᠨ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠡᠮᠬᠢ ᠵᠢᠷᠤᠮ ᠲᠠᠢ ᠪᠠᠷ ᠴᠢᠯᠥᠭᠡᠲᠡᠶ ᠲᠠᠯᠪᠢᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/4
   ᠲᠤᠰ ᠡᠭᠡᠯᠵᠢ ᠶᠢᠨ ᠬᠢᠵᠢᠭ ᠤᠨ ᠪᠠᠶᠢᠳᠠᠯ ᠠᠴᠠ ᠨᠠᠰᠢ᠂ ᠥᠷᠭᠡᠨ ᠤᠯᠠᠨ ᠰᠠᠭᠤᠭᠠᠯᠢ ᠠᠷᠠᠳ ᠤᠨ ᠣᠶᠢᠯᠠᠭᠠᠯᠲᠠ ᠪᠠ ᠳᠡᠮᠵᠢᠯᠭᠡ ᠳᠣᠣᠷ᠎ᠠ᠂ ᠬᠢᠵᠢᠭ ᠤᠨ ᠪᠠᠶᠢᠳᠠᠯ ᠢ ᠪᠦᠲᠦᠮᠵᠢᠲᠡᠢ ᠡᠵᠡᠮᠳᠡᠭᠰᠡᠨ ᠪᠠᠶᠢᠨ᠎ᠠ᠃ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠵᠢᠭᠦᠯᠬᠦ ᠶᠢᠨ ᠲᠥᠯᠥᠭᠡ᠂ ᠬᠤᠰᠢᠭᠤ ᠵᠢᠯᠣᠭᠤᠳᠬᠤ ᠬᠡᠯᠲᠡᠰ ᠠᠴᠠ ᠰᠤᠳᠤᠯᠤᠨ ᠮᠠᠭᠠᠳᠯᠠᠬᠤ  ᠪᠠᠷ ᠳᠡᠮᠵᠢᠨ᠂ 12 ᠰᠠᠷ᠎ᠠ ᠶᠢᠨ 5 ᠤ ᠡᠳᠦᠷ ᠤᠨ 06᠄ 00 ᠴᠠᠭ ᠠᠴᠠ ᠡᠬᠢᠯᠡᠨ᠂ ᠭᠤᠤᠯᠳᠠᠯᠭ᠎ᠠ ᠲᠠᠢ ᠣᠷᠣᠨ ᠪᠦᠰᠡ ᠶᠢ ᠭᠠᠷᠭᠠᠪᠠᠯ᠂ ᠰᠠᠶᠢᠬᠠᠨᠲᠠᠯ᠎ᠠ ᠪᠠᠯᠭᠠᠰᠤᠨ ᠤ ᠬᠤᠲᠠ ᠶᠢᠨ ᠲᠣᠭᠤᠷᠢᠭ ᠤᠨ ᠨᠡᠶᠢᠭᠡᠮ ᠤᠨ ᠬᠠᠮᠢᠶᠠᠷᠤᠯᠲᠠ ᠡᠵᠡᠮᠳᠡᠯ ᠢ ᠡᠮᠬᠢ ᠵᠢᠷᠤᠮ ᠲᠠᠢ ᠪᠠᠷ ᠴᠢᠯᠥᠭᠡᠲᠡᠶ ᠲᠠᠯᠪᠢᠵᠤ᠂ ᠵᠦᠷᠢᠶᠡᠴᠢᠯᠡᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠤᠭᠲᠠᠪᠠ᠃    ᠨᠢᠭᠡ᠂ ᠰᠠᠶᠢᠬᠠᠨᠲᠠᠯ᠎ᠠ ᠪᠠᠯᠭᠠᠰᠤᠨ ᠤ ᠬᠤᠲᠠ ᠶᠢᠨ ᠲᠣᠭᠤᠷᠢᠭ ᠤᠨ ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠦᠴᠦᠨ ᠥᠬᠡᠶ ᠪᠤᠯᠭᠠᠨ᠎ᠠ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠤ ᠡᠵᠡᠩᠨᠡᠯᠲᠡ ᠶᠢ ᠲᠦᠷ ᠰᠡᠷᠭᠦᠭᠡᠬᠦ ᠦᠭᠡᠢ᠃    ᠬᠤᠶᠠᠷ᠂ ᠰᠠᠶᠢᠬᠠᠨᠲᠠᠯ᠎ᠠ ᠪᠠᠯᠭᠠᠰᠤᠨ ᠤ ᠬᠤᠲᠠ ᠶᠢᠨ ᠲᠣᠭᠤᠷᠢᠭ ᠤᠨ ᠬᠠᠮᠢᠶᠠᠷᠤᠯᠲᠠ ᠡᠵᠡᠮᠳᠡᠯ ᠢ ᠪᠥᠬᠦ ᠲᠠᠯ᠎ᠠ  ᠪᠠᠷ ᠵᠣᠭᠰᠣᠭᠠᠬᠤ ᠠᠴᠠ ᠡᠮᠦᠨ᠎ᠡ᠂ ᠬᠠᠷᠢᠶ᠎ᠠ ᠮᠠᠯᠵᠢᠬᠤ ᠣᠷᠣᠨ ᠪᠠ ᠪᠤᠰᠤᠳ ᠰᠤᠮᠤ ᠪᠠᠯᠭᠠᠰᠤ ᠲᠠᠢ ᠬᠠᠷᠢᠯᠴᠠᠵᠤ ᠶᠠᠪᠤᠯᠴᠠᠬᠤ ᠶᠢ ᠲᠦᠷ ᠬᠤᠶᠢᠰᠢᠯᠠᠭᠤᠯᠤᠨ᠎ᠠ᠃    ᠭᠤᠷᠪᠠ᠂ ᠭᠤᠤᠯᠳᠠᠯᠭ᠎ᠠ ᠲᠠᠢ ᠣᠷᠣᠨ ᠪᠦᠰᠡ ᠶᠢ ᠭᠠᠷᠭᠠᠪᠠᠯ᠂ ᠪᠤᠰᠤᠳ ᠰᠠᠭᠤᠭᠠᠯᠢ ᠠᠷᠠᠳ ᠤᠨ ᠲᠣᠭᠤᠷᠢᠭ  ᠤᠨ ᠰᠠᠭᠤᠭᠠᠯᠢ ᠠᠷᠠᠳ ᠡᠮᠴᠢᠯᠡᠭᠡᠨ ᠤ ᠠᠮᠠᠪᠴᠢ ᠵᠡᠭᠦᠵᠦ ᠲᠣᠰ ᠰᠠᠭᠤᠭᠠᠯᠢ ᠲᠣᠭᠤᠷᠢᠭ ᠳᠤᠲᠤᠷ᠎ᠠ ᠪᠠᠨ ᠲᠤᠭᠤᠷᠢᠵᠤ ᠪᠤᠯᠤᠨ᠎ᠠ᠂ ᠭᠡᠪᠡᠴᠦ ᠪᠥᠭᠡᠮᠨᠡᠷᠡᠨ ᠴᠤᠭᠯᠠᠷᠠᠵᠤ ᠪᠣᠯᠬᠤ ᠥᠬᠡᠶ᠂ ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ ᠨᠢᠭᠡᠴᠡ  ᠶᠢᠨ ᠬᠢᠨ ᠰᠠᠭᠤᠭᠠᠯᠢ ᠲᠤᠭᠤᠷᠢᠭ ᠤᠨ ᠬᠠᠮᠢᠶᠠᠷᠤᠨ ᠡᠵᠡᠮᠳᠡᠬᠦ ᠦᠶᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠰᠠᠭᠤᠭᠠᠯᠢ ᠡᠷᠦᠬᠡ ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ ᠨᠢᠭᠡᠴᠡ ᠳᠤ ᠳᠠᠩᠰᠠᠯᠠᠭᠤᠯᠤᠭᠰᠠᠨ ᠤ ᠳᠠᠷᠠᠭ᠎ᠠ᠂ ᠡᠳᠦᠷ ᠪᠦᠷᠢ 1 ᠬᠥᠮᠦᠨ ᠭᠠᠳᠠᠭᠰᠢ ᠭᠠᠷᠴᠤ ᠶᠠᠭᠤᠮ᠎ᠠ ᠬᠤᠳᠠᠯᠳᠤᠨ ᠠᠪᠬᠤ ᠪᠤᠯᠤᠨ᠎ᠠ᠂ ᠭᠠᠳᠠᠭᠰᠢ ᠭᠠᠷᠬᠤ ᠴᠠᠭ ᠢ 2 ᠴᠠᠭ ᠢᠶᠠᠷ ᠬᠢᠵᠠᠭᠠᠷᠯᠠᠨ᠎ᠠ᠃    ᠳᠥᠷᠪᠡ᠂ ᠳᠤᠮᠳᠠᠳᠤ ᠪᠠᠭ᠎ᠠ ᠰᠤᠷᠭᠠᠭᠤᠯᠢ ᠦᠷᠭᠦᠯᠵᠢᠯᠡᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠦᠷᠭᠦᠯᠵᠢᠯᠡᠨ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠴᠢᠶᠡᠯ  ᠢ ᠲᠦᠷ ᠰᠡᠷᠭᠦᠭᠡᠬᠦ ᠦᠭᠡᠢ᠃    ᠲᠠᠪᠤ᠂ ᠭᠤᠤᠯᠳᠠᠯᠭ᠎ᠠ ᠲᠠᠢ ᠣᠷᠣᠨ ᠪᠦᠰᠡ ᠶᠢ ᠭᠠᠷᠭᠠᠪᠠᠯ᠂ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ᠂ ᠠᠷᠠᠳ  ᠲᠤ ᠳᠥᠭᠦᠮ ᠦᠵᠡᠭᠦᠯᠬᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠶᠢᠨ ᠡᠵᠡᠩᠨᠡᠯᠲᠡ ᠶᠢ ᠡᠮᠬᠢ ᠵᠢᠷᠤᠮ ᠲᠠᠢ ᠪᠠᠷ ᠰᠡᠷᠭᠦᠭᠡᠨ᠎ᠡ᠂ ᠦᠶᠯᠡᠴᠢᠯᠡᠭᠴᠢ N95 ᠠᠮᠠᠪᠴᠢ ᠵᠡᠭᠦᠵᠦ᠂ ᠬᠦᠷᠦᠯᠴᠡᠬᠦ ᠦᠭᠡᠢ ᠪᠠᠷ ᠪᠠᠷᠠᠭ᠎ᠠ ᠬᠤᠳᠠᠯᠳᠤᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃    ᠵᠢᠷᠭᠤᠭ᠎ᠠ᠂ ᠲᠦᠷᠭᠡᠨ ᠭᠤᠪᠢᠭᠤᠯᠭ᠎ᠠ ᠶᠢᠨ ᠥᠷᠲᠡᠭᠡ ᠡᠵᠡᠩᠨᠡᠯᠲᠡ ᠪᠠᠨ ᠰᠡᠷᠭᠦᠭᠡᠵᠦ᠂ ᠠᠵᠢᠯᠲᠠᠳ N95 ᠠᠮᠠᠪᠴᠢ ᠪᠠ ᠬᠠᠮᠠᠭᠠᠯᠠᠯᠲᠠ ᠶᠢᠨ ᠪᠡᠭᠡᠯᠡᠶ ᠵᠡᠭᠦᠵᠦ ᠦᠢᠯᠡᠴᠢᠯᠡᠭᠡ ᠬᠠᠩᠭᠠᠬᠤ ᠬᠡᠷᠡᠭᠲᠡᠢ᠃ ᠮᠥᠩᠭᠦᠨ ᠭᠦᠶᠯᠭᠡᠭᠡᠨ ᠤ ᠪᠠᠶᠢᠭᠤᠯᠤᠮᠵᠢ᠂ ᠦᠰᠦ ᠵᠠᠰᠠᠬᠤ ᠭᠠᠵᠠᠷ ᠵᠡᠷᠭᠡ ᠲᠠᠯᠠᠪᠤᠷ ᠨᠢ ᠤᠷᠢᠳᠴᠢᠯᠠᠨ ᠪᠣᠯᠵᠣᠬᠤ᠂ ᠣᠷᠭᠢᠯ ᠤᠨ ᠬᠤᠭᠤᠴᠠᠭ᠎ᠠ  ᠶᠢ ᠵᠥᠷᠢᠭᠦᠯᠬᠦ᠂ ᠴᠠᠭ ᠵᠥᠷᠢᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠳᠡᠭᠡᠷ᠎ᠡ ᠳᠤᠷᠠᠳᠤᠭᠰᠠᠨ ᠲᠠᠯᠠᠪᠤᠷ ᠭᠠᠵᠠᠷ ︽ᠰᠢᠯᠢ ᠶᠢᠨ ᠡᠷᠡᠭᠦᠯ ᠮᠡᠨᠳᠦ ᠶᠢᠨ ᠴᠤᠬᠤᠷ︾ ᠲᠠᠯᠠᠪᠤᠷ ᠭᠠᠵᠠᠷ ᠤᠨ ᠺᠣᠳ᠋ ᠢ ᠰᠢᠷᠪᠢᠭᠦᠯᠬᠦ᠂ ᠠᠷᠢᠭᠤᠳᠬᠠᠯ ᠬᠢᠵᠦ ᠰᠠᠯᠬᠢ ᠨᠡᠪᠲᠡᠷᠡᠭᠦᠯᠬᠦ ᠵᠡᠷᠭᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠠᠮᠤᠷ ᠲᠦᠪᠰᠢᠨ ᠣᠷᠴᠢᠨ ᠲᠣᠭᠤᠷᠢᠨ ᠬᠠᠩᠭᠠᠬᠤ ᠬᠡᠷᠡᠭᠲᠡᠢ᠃    ᠳᠣᠯᠤᠭ᠎ᠠ᠂ ᠢᠳᠡᠭᠡᠨ ᠤᠮᠳᠠᠭᠠᠨ ᠤ ᠠᠵᠢᠯ ᠲᠥᠷᠥᠯ ᠤᠨ ᠬᠢᠨ ᠡᠮᠬᠢ ᠵᠢᠷᠤᠮ ᠲᠠᠢ ᠪᠠᠷ ᠡᠵᠡᠩᠨᠡᠯᠲᠡ ᠪᠠᠨ ᠰᠡᠷᠭᠦᠭᠡᠵᠦ᠂ ᠬᠤᠭᠤᠯᠠᠨ ᠭᠡᠷ ᠲᠤ ᠬᠦᠷᠴᠦ ᠬᠤᠭᠤᠯᠠ ᠢᠳᠡᠬᠦ ᠶᠢ ᠲᠦᠷ ᠰᠡᠷᠭᠦᠭᠡᠬᠦ ᠦᠭᠡᠢ᠂ ᠵᠥᠪᠬᠡᠨ ᠵᠠᠬᠢᠶᠠᠯᠠᠭ᠎ᠠ  ᠶᠢᠨ ᠬᠤᠭᠤᠯᠠ ᠬᠠᠩᠭᠠᠵᠤ ᠪᠣᠯᠤᠨ᠎ᠠ᠃ ᠵᠠᠬᠢᠶᠠᠯᠠᠭ᠎ᠠ ᠶᠢᠨ ᠬᠤᠭᠤᠯᠠ ᠬᠦᠷᠭᠡᠭᠴᠢ N95 ᠠᠮᠠᠪᠴᠢ ᠪᠠ ᠬᠠᠮᠠᠭᠠᠯᠠᠯᠲᠠ ᠶᠢᠨ ᠪᠡᠭᠡᠯᠡᠶ ᠵᠡᠭᠦᠵᠦ ᠦᠶᠯᠡᠴᠢᠯᠡᠭᠡ ᠬᠠᠩᠭᠠᠬᠤ ᠬᠡᠷᠡᠭᠲᠡᠢ᠃ ᠲᠣᠮᠣ ᠬᠡᠯᠪᠡᠷᠢ ᠶᠢᠨ ᠬᠤᠷᠠᠯ᠂ ᠪᠤᠯᠪᠠᠰᠤᠷᠠᠯ᠂ ᠬᠤᠷᠢᠮ ᠨᠠᠶᠢᠷ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠲᠦᠷ ᠬᠤᠶᠢᠰᠢᠯᠠᠭᠤᠯᠬᠤ ᠬᠡᠷᠡᠭᠲᠡᠶ᠃ ᠪᠤᠰᠤᠳ ᠨᠢᠭᠲᠠ ᠪᠢᠲᠡᠭᠦᠮᠵᠢᠯᠡᠭᠰᠡᠨ ᠲᠠᠯᠠᠪᠤᠷ᠂ ᠵᠢᠱᠢᠶᠡᠯᠡᠪᠡᠯ KTV᠂ ᠰᠦᠯᠵᠢᠶᠡᠨ ᠤ ᠪᠠᠭᠠᠷ᠂ ᠠᠷᠢᠬᠢᠨ ᠪᠠᠭᠠᠷ᠂ ᠰᠤᠭᠤᠯᠤᠭ᠎ᠠ ᠶᠢᠨ ᠥᠷᠲᠡᠭᠡ᠂ ᠴᠠᠢ ᠶᠢᠨ ᠪᠠᠭᠠᠷ᠂ ᠪᠡᠶ᠎ᠡ ᠴᠢᠭᠢᠷᠠᠭᠵᠢᠭᠤᠯᠬᠤ ᠭᠡᠷ᠂ ᠺᠢᠨᠣ᠋ ᠣᠷᠳᠣᠨ᠂ ᠨᠣᠮ ᠤᠨ ᠰᠠᠩ᠂ ᠪᠡᠶ᠎ᠡ ᠤᠬᠢᠶᠠᠬᠤ ᠲᠥᠪ᠂ ᠰᠢᠲᠠᠷ᠎ᠠ ᠬᠥᠵᠥᠷ ᠤᠨ ᠳᠠᠰᠤᠭ᠂ ᠴᠢᠴᠢᠭᠦᠷ ᠪᠥᠮᠪᠦᠭᠡ ᠶᠢᠨ ᠲᠢᠩᠬᠢᠮ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠡᠷᠭᠡ ᠶᠢ ᠲᠦᠷ ᠰᠡᠷᠭᠦᠭᠡᠬᠦ ᠦᠭᠡᠢ᠃    ᠨᠠᠶᠮᠠ᠂ ᠨᠠᠰᠤᠲᠠᠶᠢᠴᠤᠳ ᠤᠨ ᠠᠰᠠᠷᠠᠮᠵᠢ ᠶᠢᠨ ᠭᠠᠵᠠᠷ ᠬᠦᠷᠢᠶᠡᠯᠡᠩ ᠵᠡᠷᠭᠡ ᠪᠠᠶᠢᠭᠤᠯᠤᠮᠵᠢ ᠪᠣᠯᠤᠨ ᠡᠯ᠎ᠡ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠲᠤ ᠦᠷᠭᠦᠯᠵᠢᠯᠡᠨ ᠪᠢᠲᠡᠭᠦᠮᠵᠢᠯᠡᠭᠰᠡᠨ ᠬᠠᠮᠢᠶᠠᠷᠤᠯᠲᠠ ᠬᠡᠷᠡᠭᠵᠢᠭᠦᠯᠦᠨ᠎ᠡ᠃    ᠶᠢᠰᠦ᠂ ᠮᠠᠨ ᠤ ᠬᠤᠰᠢᠭᠤᠨ ᠤ ᠮᠠᠯᠴᠢᠳ ᠤᠨ ᠬᠤᠲᠠ ᠣᠷᠣᠵᠤ ᠲᠡᠵᠢᠭᠡᠯ ᠪᠣᠷᠳᠤᠭ᠎ᠠ ᠬᠤᠳᠠᠯᠳᠤᠨ ᠠᠪᠬᠤ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠭᠠᠴᠠᠭ᠎ᠠ ᠲᠣᠰᠬᠤᠨ᠂ ᠰᠤᠮᠤ ᠪᠠᠯᠭᠠᠰᠤ ᠬᠤᠶᠠᠷ ᠱᠠᠲᠤᠨ ᠤ ᠭᠡᠷᠡᠴᠢ  ᠪᠠᠨ ᠠᠪᠴᠤ᠂ ᠪᠠᠷᠠᠭᠤᠨ ᠬᠤᠶᠢᠲᠦ ᠵᠠᠮ ᠬᠠᠷᠢᠯᠴᠠᠭᠠᠨ ᠤ ᠪᠤᠭᠤᠮᠲᠠ ᠪᠠᠷ ︵ᠬᠥᠭᠦᠷᠭᠡ︶ ᠬᠤᠲᠠ ᠳᠤ ᠤᠷᠤᠵᠤ ᠪᠤᠯᠤᠨ᠎ᠠ᠃    ᠠᠷᠪᠠ᠂ ᠰᠠᠶᠢᠬᠠᠨᠲᠠᠯ᠎ᠠ ᠪᠠᠯᠭᠠᠰᠤᠨ ᠤ ᠭᠠᠳᠠᠨ᠎ᠠ ᠠᠴᠠ ᠢᠷᠡᠭᠰᠡᠨ ᠨᠤᠲᠤᠭ ᠲᠠᠭᠠᠨ ᠪᠤᠴᠠᠭᠰᠠᠳ ᠬᠠᠷᠢᠶ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠳᠡᠭᠡᠨ ᠥᠪᠡᠷ ᠤᠨ ᠵᠢᠴᠢ ᠬᠡᠷ  ᠤᠨ ᠬᠥᠮᠦᠰ ᠤᠨ ᠢᠶᠠᠨ ᠵᠢᠭᠤᠯᠴᠢᠯᠠᠨ ᠰᠠᠭᠤᠭᠰᠠᠨ ᠲᠡᠦᠬᠡ᠂ ᠲᠥᠭᠰᠢᠭᠦᠷᠢ ᠲᠠᠢ ᠬᠥᠮᠦᠰ ᠲᠠᠢ ᠣᠶᠢᠷᠠᠲᠤᠭᠰᠠᠨ ᠲᠡᠦᠬᠡ ᠵᠡᠷᠭᠡ ᠪᠠᠶᠢᠳᠠᠯ ᠢᠶᠠᠨ ᠤᠷᠢᠳᠴᠢᠯᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠵᠤ᠂  ᠨᠢᠭᠤᠨ ᠳᠠᠯᠳᠠᠯᠠᠬᠤ ᠦᠭᠡᠢ᠂ ᠣᠷᠬᠢᠭᠳᠠᠭᠤᠯᠬᠤ ᠥᠬᠡᠶ ᠪᠠᠶᠢᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ  ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃    ᠠᠷᠪᠠᠨ ᠨᠢᠭᠡ᠂ ᠰᠠᠶᠢᠬᠠᠨᠲᠠᠯ᠎ᠠ ᠪᠠᠯᠭᠠᠰᠤᠨ ᠳᠤ ᠰᠠᠭᠠᠳᠠᠭᠰᠠᠨ ᠬᠥᠮᠦᠰ ᠡᠷᠬᠡᠪᠰᠢ ᠵᠤᠷᠢᠭᠰᠠᠨ ᠭᠠᠵᠠᠷ ᠤᠨ ᠨᠡᠶᠢᠭᠡᠮ ᠲᠣᠭᠤᠷᠢᠭ ᠤᠨ ᠵᠥᠪᠰᠢᠶᠡᠷᠡᠯ ᠢ ᠣᠯᠵᠤ᠂ ᠪᠤᠴᠠᠬᠤ ᠬᠤᠭᠤᠴᠠᠭᠠᠨ ᠳᠠᠭᠠᠨ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠃    ᠣᠳᠣᠬᠠᠨ ᠳᠤ ᠰᠠᠶᠢᠬᠠᠨᠲᠠᠯ᠎ᠠ ᠪᠠᠯᠭᠠᠰᠤᠨ ᠤ ᠬᠤᠲᠠ ᠶᠢᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠣᠭᠲᠠᠭᠤᠨ ᠪᠠᠶᠢᠵᠤ᠂ ᠡᠯ᠎ᠡ ᠲᠥᠷᠥᠯ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ  ᠤᠨ ᠬᠠᠩᠭᠠᠯᠭ᠎ᠠ ᠪᠣᠯᠤᠨ ᠡᠮᠴᠢᠯᠡᠭᠡᠨ ᠤ ᠡᠳ᠋ ᠪᠣᠳᠠᠰ ᠤᠨ ᠨᠥᠭᠡᠴᠡ ᠭᠦᠶᠴᠡᠳ ᠪᠠᠶᠢᠨ᠎ᠠ᠂ ᠥᠷᠭᠡᠨ ᠣᠯᠠᠨ ᠰᠠᠭᠤᠭᠠᠯᠢ ᠠᠷᠠᠳ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠯᠪᠢᠬᠤ ᠥᠬᠡᠶ᠂ ᠴᠤᠤᠷᠬᠠᠯ ᠲᠠᠷᠬᠠᠭᠠᠬᠤ ᠥᠬᠡᠶ ᠪᠠᠶᠢᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠬᠠᠮᠲᠤᠪᠡᠷ ᠪᠠᠬᠢᠵᠢᠭᠦᠯᠦᠶ᠎ᠡ᠃                 ᠰᠥᠨᠢᠳ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ                   2022 ᠣᠨ ᠤ 12 ᠰᠠᠷ᠎ᠠ ᠶᠢᠨ 4 ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号