ᠰᠦᠨᠢᠳ ᠪᠠᠷᠠᠭᠤᠨ ᠬᠤᠰᠢᠭᠤᠨ ᠤ 60 ᠨᠠᠰᠦᠨ ᠠᠴᠠ ᠲᠡᠭᠡᠭᠰᠢᠬᠢ ᠨᠠᠰᠣᠳᠠᠶᠢᠴᠤᠳ ᠤᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠳᠠᠷᠢᠯᠭ᠎ᠠ ᠶᠢ ᠳᠠᠷᠢᠭᠤᠯᠬᠤ ᠦᠢᠯᠡᠴᠢᠯᠡᠭᠡ ᠶᠢ ᠰᠠᠶᠢᠵᠢᠷᠠᠭᠤᠯᠬᠤ ᠳᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/7
   ᠤᠳᠤᠬᠠᠨ ᠳᠤ ᠤᠯᠤᠰ ᠤᠨ ᠳᠤᠳᠤᠨ᠎ᠠ ᠭᠠᠳᠠᠨ᠎ᠠ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠭᠦᠨᠲᠦ ᠨᠤᠴᠢᠲᠠᠢ ᠪᠤᠳᠤᠯᠢᠶᠠᠨᠲᠠᠢ ᠪᠠᠶᠢᠵᠤ᠂ ᠤᠨᠴᠠᠭᠠᠶᠢᠯᠠᠨ ᠤᠮᠢᠺᠷᠤᠨ ᠸᠢᠷᠦ᠋ᠰ ᠤᠨ ᠳᠠᠷᠬᠠᠬᠤ ᠎ ᠨᠢ ᠲᠦᠷᠬᠡᠨ᠂ ᠨᠢᠭᠤᠬᠳᠠᠮᠠᠯ ᠴᠢᠨᠠᠷ ᠢᠶᠠᠷ ᠴᠢᠩᠭ᠎ᠠ᠂ ᠰᠢᠢᠳᠪᠦᠷᠢᠯᠡᠬᠦ ᠳᠤ ᠭᠦᠴᠢᠷ ᠪᠠᠶᠢᠵᠤ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠳᠠᠷᠢᠯᠭ᠎ᠠ ᠶᠢ ᠳᠠᠷᠢᠭᠤᠯᠬᠤ ᠪᠤᠯ  ᠤᠳᠤᠬᠠᠨ ᠤ ᠬᠢᠵᠢᠭ ᠢ ᠰᠡᠷᠭᠡᠶᠢᠯᠡᠨ ᠡᠵᠡᠮᠳᠡᠬᠦ ᠬᠠᠮᠤᠭ ᠬᠢᠮᠲᠠ᠂ ᠬᠠᠮᠤᠭ ᠪᠦᠳᠤᠮᠵᠢᠲᠠᠢ ᠠᠷᠭ᠎ᠠ ᠪᠠᠷᠢᠯ ᠪᠤᠯᠤᠨ᠎ᠠ᠃    60 ᠨᠠᠰᠦ ᠵᠢᠴᠢ 60 ᠨᠠᠰᠦᠨ ᠠᠴᠠ ᠲᠡᠭᠡᠭᠰᠢᠬᠢ ᠨᠠᠰᠤᠳᠠᠶᠢᠴᠤᠳ ᠤᠨ ᠰᠠᠭᠤᠷᠢ ᠡᠪᠡᠳᠴᠢᠨ ᠨᠡᠯᠢᠶᠡᠳ ᠠᠷᠪᠢᠨ ᠠᠴᠠ ᠰᠢᠨ᠎ᠠ ᠲᠢᠳᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠠᠮᠠᠷᠬᠠᠨ ᠭᠦᠨᠲᠦ ᠡᠪᠡᠳᠴᠢᠨ ᠪᠤᠯᠵᠤ᠂ ᠴᠢᠨᠠᠭᠰᠢᠯᠠᠪᠠᠯ ᠠᠮᠢ ᠨᠠᠰᠤᠨ ᠤ ᠠᠶᠤᠯ ᠲᠠᠢ ᠪᠠᠶᠢᠳᠠᠭ᠃ ᠰᠤᠳᠤᠯᠤᠯᠲᠠ ᠶᠢᠨ ᠳᠤᠭ᠎ᠠ ᠪᠦᠷᠢᠳᠭᠡᠯ ᠠᠴᠠ ᠦᠵᠡᠪᠡᠯ᠂ ᠨᠠᠰᠤᠳᠠᠶᠢᠴᠤᠳ ᠳᠠᠷᠢᠯᠭ᠎ᠠ ᠳᠠᠷᠢᠭᠤᠯᠤᠬᠰᠠᠭᠠᠷ ᠭᠦᠨᠲᠦ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠶᠡᠭᠡ ᠬᠡᠮᠵᠢᠶ᠎ᠠ ᠎ ᠪᠠᠷ ᠪᠠᠭᠠᠰᠬᠠᠵᠤ ᠳᠡᠶᠢᠯᠦᠨ᠎ᠠ᠃    ᠤᠶᠢᠷ᠎ᠠ ᠳᠤ᠂ ᠲᠦᠪ ᠬᠤᠷᠢᠶᠠᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠬᠠᠮᠳᠤᠪᠠᠷ ᠰᠡᠷᠭᠡᠶᠢᠯᠡᠨ ᠬᠠᠮᠳᠤᠪᠠᠷ ᠡᠵᠡᠮᠳᠡᠬᠦ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠳᠤᠭᠤᠶᠢᠯᠠᠩ ︽ᠨᠠᠰᠤᠳᠠᠶᠢᠴᠤᠳ ᠤᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠳᠠᠷᠢᠯᠭ᠎ᠠ ᠶᠢᠨ ᠠᠵᠢᠯ ᠢ ᠴᠢᠩᠭᠠᠳᠬᠠᠬᠤ ᠲᠦᠰᠦᠯ︾᠎ ᠢ ᠰᠤᠳᠤᠯᠤᠨ ᠨᠠᠶᠢᠳᠡᠯᠡᠵᠤ᠂ ᠨᠠᠰᠤᠳᠠᠶᠢᠴᠤᠳ ᠤᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠴᠢᠩᠭᠠᠳᠬᠠᠬᠤ ᠳᠠᠷᠢᠯᠭ᠎ᠠ ᠳᠠᠷᠢᠭᠤᠯᠬᠤ ᠪᠤᠯᠤᠨ ᠪᠥᠬᠦ ᠶᠠᠪᠤᠴᠠ ᠶᠢᠨ ᠳᠠᠷᠢᠯᠭ᠎ᠠ ᠳᠠᠷᠢᠭᠤᠯᠬᠤ ᠶᠢᠨ ᠵᠠᠪᠰᠠᠷᠯᠠᠬᠤ ᠬᠤᠭᠤᠴᠠᠭ᠎ᠠ ᠶᠢ ᠤᠤᠯ ᠤᠨ 6 ᠰᠠᠷ᠎ᠠ ᠪᠠᠶᠢᠬᠰᠠᠨ ᠠᠴᠠ 3 ᠰᠠᠷ᠎ᠠ ᠪᠤᠯᠭᠠᠨ ᠳᠤᠬᠢᠷᠠᠭᠤᠯᠵᠤ᠂ ᠳᠤᠤᠷᠠᠬᠢ ᠲᠦᠷᠪᠡᠨ ᠲᠦᠷᠦᠯ ᠤᠨ ᠴᠠᠭᠠᠵᠠᠯᠠᠬᠤ ᠡᠪᠡᠳᠴᠢᠨ ᠠᠴᠠ ᠭᠠᠳᠠᠨ᠎ᠠ᠂ ᠪᠤᠰᠤᠳ ᠭᠦᠮᠦᠰ ᠴᠦᠮ ᠳᠠᠷᠢᠯᠭ᠎ᠠ ᠳᠠᠷᠢᠭᠤᠯᠵᠤ ᠪᠤᠯᠬᠤ ᠶᠢ ᠳᠤᠳᠤᠷᠬᠠᠶᠢᠯᠠᠵᠠᠢ᠃    ᠨᠢᠭᠡ᠂ ᠦᠩᠭᠡᠷᠡᠭᠰᠡᠨ ᠳᠤ ᠳᠠᠷᠢᠯᠭ᠎ᠠ ᠲᠠᠷᠢᠭᠤᠯᠤᠭᠠᠳ ᠭᠦᠨᠲᠦ ᠨᠤᠴᠢᠲᠠᠢ ᠬᠠᠷᠰᠢᠯ ᠤᠨ ᠢᠯᠡᠷᠡᠯ ᠭᠠᠷᠴᠤ ᠥᠩᠭᠡᠷᠡᠭᠰᠡᠨ ᠬᠦᠮᠦᠰ ︵ᠵᠢᠱᠢᠶᠡᠯᠡᠪᠡᠯ᠄ ᠬᠠᠷᠰᠢᠯ ᠢᠶᠠᠷ ᠮᠠᠨᠠᠷᠠᠬᠤ᠂ ᠬᠤᠭᠤᠯᠠᠢ ᠶᠢᠨ ᠤᠰᠤᠨ ᠬᠠᠪᠤᠩ︶᠃    ᠬᠤᠶᠠᠷ᠂ ᠲᠦᠷᠭᠡᠨ ᠴᠢᠨᠠᠷᠲᠠᠢ ᠬᠠᠯᠳᠠᠪᠦᠷᠢᠲᠦ ᠴᠢᠨᠠᠷᠲᠠᠢ ᠡᠪᠡᠳᠴᠢᠨ ᠲᠠᠢ ᠡᠪᠡᠳᠴᠢᠲᠠᠨ ᠬᠠᠯᠠᠭᠤᠷᠠᠵᠤ ᠪᠠᠶᠢᠭ᠎ᠠ ᠬᠤᠭᠤᠴᠠᠭᠠᠨ ᠳᠤ ᠲᠠᠷᠢᠯᠭ᠎ᠠ ᠬᠢᠬᠦ ᠪᠠᠨ ᠬᠤᠶᠢᠰᠢᠯᠠᠭᠤᠯᠵᠤ ᠪᠤᠯᠤᠨ᠎ᠠ᠃    ᠭᠤᠷᠪᠠ᠂ ᠤᠳᠠᠭᠠᠨ ᠴᠢᠨᠠᠷᠲᠠᠢ ᠬᠥᠨᠳᠦ ᠡᠪᠡᠳᠴᠢᠲᠡᠨ ᠡᠪᠡᠳᠴᠢᠨ ᠨᠢ ᠭᠡᠨᠡᠳᠲᠡ ᠬᠥᠳᠡᠯᠦᠭᠰᠡᠨ ᠦᠶ᠎ᠡ ᠳᠤ ᠲᠠᠷᠢᠯᠭ᠎ᠠ ᠲᠠᠷᠢᠬᠤ ᠪᠠᠨ ᠬᠤᠶᠢᠰᠢᠯᠠᠭᠤᠯᠵᠤ ᠪᠤᠯᠤᠨ᠎ᠠ᠃ ᠵᠢᠱᠢᠶᠡᠯᠡᠪᠡᠯ ᠬᠢᠮᠢ ᠶᠢᠨ ᠵᠠᠰᠠᠯ ᠬᠢᠵᠦ ᠪᠠᠶᠢᠭ᠎ᠠ ᠬᠠᠪᠤᠳᠠᠷᠲᠤ ᠡᠪᠡᠳᠴᠢᠲᠡᠨ᠂ ᠴᠢᠰᠤᠨ ᠳᠠᠷᠤᠯᠲᠠ ᠥᠨᠳᠥᠷ ᠠᠶᠤᠯᠲᠤ ᠪᠠᠶᠢᠳᠠᠯ ᠲᠠᠢ ᠡᠪᠡᠳᠴᠢᠲᠡᠨ᠂ ᠵᠢᠷᠦᠬᠡᠨ ᠲᠢᠲᠢᠮ ᠤᠨ ᠡᠪᠡᠳᠴᠢᠨ ᠲᠠᠢ ᠡᠪᠡᠳᠴᠢᠲᠡᠨ ᠤ ᠵᠢᠷᠦᠬᠡᠨ ᠲᠦᠭᠵᠢᠷᠡᠯ ᠤᠨ ᠡᠪᠡᠳᠴᠢᠨ ᠨᠢ ᠬᠥᠳᠡᠯᠦᠭᠰᠡᠨ ᠦᠶ᠎ᠡ ᠳᠤ᠂ ᠲᠣᠰ ᠪᠡᠶ᠎ᠡ ᠶᠢᠨ ᠡᠭᠡᠯᠢᠯᠡᠭᠡ ᠶᠢᠨ ᠴᠢᠨᠠᠷᠲᠠᠶ ᠮᠡᠳᠡᠷᠡᠯ ᠤᠨ ᠰᠢᠰᠲ᠋ᠧᠮ ᠤᠨ ᠡᠪᠡᠳᠴᠢᠨ ᠨᠢ ᠠᠬᠢᠯᠲᠠ ᠶᠢᠨ ᠬᠤᠭᠤᠴᠠᠭᠠᠨ ᠎ ᠳᠠᠭᠠᠨ ᠪᠠᠶᠢᠬᠤ ᠦᠶ᠎ᠡ ᠳᠤ᠂ ᠤᠨᠠᠳᠠᠭ ᠡᠪᠡᠳᠴᠢᠲᠡᠨ ᠨᠢ ᠬᠥᠳᠡᠯᠬᠦ ᠬᠤᠭᠤᠴᠠᠭᠠᠨ ᠳᠠᠭᠠᠨ ᠪᠠᠶᠢᠬᠤ ᠦᠶ᠎ᠡ ᠳᠤ ᠲᠠᠷᠢᠯᠭ᠎ᠠ ᠬᠢᠬᠦ ᠪᠠᠨ ᠬᠤᠶᠢᠰᠢᠯᠠᠭᠤᠯᠵᠤ ᠪᠤᠯᠤᠨ᠎ᠠ᠃ᠲᠦᠷᠪᠡ᠂ ᠤᠳᠠᠭᠠᠨ ᠴᠢᠨᠠᠷᠲᠠᠢ ᠭᠦᠨᠲᠦ ᠡᠪᠡᠳᠴᠢᠨ ᠠᠴᠠ ᠪᠤᠯᠵᠤ ᠠᠮᠢ ᠨᠠᠰᠤᠨ ᠤ ᠠᠶᠤᠯ ᠲᠠᠢ ᠪᠤᠯᠤᠭᠰᠠᠨ ᠬᠦᠮᠦᠰ᠃    ᠦᠷᠭᠡᠨ ᠤᠯᠠᠨ ᠨᠠᠰᠤᠳᠠᠶᠢᠴᠤᠳ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠳᠠᠷᠢᠯᠭ᠎ᠠ ᠶᠢ ᠢᠳᠡᠪᠬᠢᠲᠠᠢ ᠳᠠᠷᠢᠭᠤᠯᠵᠤ᠂ ᠪᠥᠬᠦ ᠶᠠᠪᠤᠴᠠ ᠶᠢᠨ ᠲᠠᠷᠢᠯᠭ᠎ᠠ ᠪᠠ ᠴᠢᠩᠭᠠᠳᠬᠠᠬᠤ ᠳᠠᠷᠢᠯᠭ᠎ᠠ ᠶᠢ ᠡᠷᠲᠡᠬᠡᠨ ᠪᠡᠶᠡᠯᠡᠭᠦᠯᠵᠦ᠂ ᠬᠠᠮᠲᠤᠪᠡᠷ ᠬᠢᠵᠢᠭ ᠢ ᠰᠡᠷᠭᠡᠶᠢᠯᠡᠬᠦ ᠡᠷᠡᠭᠦᠯ ᠮᠡᠨᠳᠦ ᠶᠢᠨ ᠬᠠᠯᠬᠠᠪᠴᠢ ᠶᠢ ᠬᠠᠮᠳᠤᠪᠠᠷ ᠴᠤᠴᠠᠯᠠᠶ᠎ᠠ︕    ᠠᠩᠬᠠᠷᠬᠤ ᠵᠦᠢᠯᠡᠰ᠄    ᠨᠢᠭᠡ᠂ ᠳᠠᠷᠢᠯᠭ᠎ᠠ ᠳᠠᠷᠢᠭᠤᠯᠬᠤ ᠳᠠᠭᠠᠨ ᠠᠮᠠᠪᠴᠢ ᠪᠠᠨ ᠰᠠᠶᠢᠳᠤᠷ ᠵᠡᠬᠦᠭᠡᠷᠡᠢ᠃    ᠬᠤᠶᠠᠷ᠂ ᠳᠠᠷᠢᠯᠭ᠎ᠠ ᠳᠠᠷᠢᠭᠤᠯᠤᠬᠰᠠᠨ ᠤ ᠳᠠᠷᠠᠭ᠎ᠠ ᠪᠢᠳᠡᠭᠡᠢ ᠰᠢᠷᠦᠭᠦᠨ ᠭᠦᠳᠡᠯᠭᠡᠭᠡᠨ ᠭᠢᠭᠡᠷᠡᠢ᠃    ᠭᠤᠷᠪᠠ᠂ ᠳᠠᠷᠢᠯᠭ᠎ᠠ ᠳᠠᠷᠢᠭᠤᠯᠬᠤ ᠳᠠᠭᠠᠨ 1 ᠮᠧᠲᠷ ᠤᠨ ᠵᠠᠢ ᠶᠢ ᠪᠠᠳᠤᠯᠠᠨ ᠮᠦᠷᠯᠡᠵᠤ᠂ ᠳᠠᠷᠢᠭᠤᠯᠤᠬᠰᠠᠨ ᠤ ᠳᠠᠷᠠᠭ᠎ᠠ 30 ᠮᠢᠨᠦ᠋ᠲ ᠠᠮᠤᠰᠬᠢᠭᠰᠡᠨ ᠤ ᠳᠠᠷᠠᠭ᠎ᠠ ᠬᠠᠷᠢᠭᠠᠷᠠᠢ᠃                                                ᠰᠦᠨᠢᠳ ᠪᠠᠷᠠᠭᠤᠨ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠲᠦ ᠶᠢᠨ ᠵᠦᠪᠯᠡᠯ                                                              2022 ᠤᠨ ᠤ 12 ᠰᠠᠷ᠎ᠠ ᠶᠢᠨ 6᠎ ᠤ ᠡᠳᠦᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠲᠦ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号