ᠬᠠᠰᠪᠠᠭᠠᠲᠤᠷ
ᠨᠡᠶᠢᠲᠡᠯᠡᠭᠰᠡᠨ ᠴᠠᠭ᠄
2022/3/15
ᠬᠠᠰᠪᠠᠭᠠᠲᠤᠷ ᠨᠦᠬᠦᠷ ᠤᠨ ᠲᠣᠪᠴᠢ ᠨᠠᠮᠲᠠᠷ       ᠬᠠᠰᠪᠠᠭᠠᠲᠤᠷ᠂ ᠡᠷᠡᠭᠲᠡᠢ᠂ ᠮᠣᠩᠭᠤᠯ ᠦᠨᠳᠦᠰᠦᠲᠡᠨ᠂ 1970 ᠣᠨ ᠤ 4 ᠰᠠᠷ᠎ᠠ ᠳᠤ ᠲᠥᠷᠥᠪᠡ  ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ  ᠭᠡᠰᠢᠭᠦᠨ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠦᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ᠂ ᠬᠤᠰᠢᠭᠤ  ᠵᠠᠰᠠᠭ ᠤᠨ ᠣᠷᠳᠣᠨ ᠤ ᠳᠡᠳ᠋ ᠳᠠᠷᠤᠭ᠎ᠠ  ᠤᠨ ᠲᠣᠰᠢᠶᠠᠯ ᠲᠠᠢ  ᠃      ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠩᠬᠤᠲᠠ ᠶᠢᠨ ᠴᠤᠬᠠᠠᠭᠤᠯᠠ ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠰᠤᠮᠤᠨ ᠤ ᠳᠡᠳ᠋ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠬᠠᠤ ᠣᠷᠣᠨ ᠤ ᠰᠢᠯᠢᠩᠬᠤᠲᠠ ᠶᠢᠨ ᠰᠠᠭᠠᠯᠢ ᠶᠢᠨ ᠦᠨᠢᠶᠡᠨ ᠤ ᠠᠵᠤ ᠦᠢᠯᠡᠰ ᠢ ᠨᠡᠭᠡᠭᠡᠨ ᠬᠦᠭᠵᠢᠭᠦᠯᠬᠦ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠩᠬᠤᠲᠠ ᠶᠢᠨ ᠪᠤᠯᠠᠭᠠᠨ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠩᠬᠤᠲᠠ ᠶᠢᠨ ᠪᠤᠯᠠᠭᠠᠨ ᠰᠤᠮᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂  ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ  ᠶᠢᠨ ᠲᠤᠰᠢᠶᠠᠯ ᠢ ᠤᠷᠢᠳ ᠬᠤᠵᠢᠳ ᠬᠠᠷᠢᠭᠤᠴᠠᠵᠤ ᠥᠩᠭᠡᠷᠡᠪᠡ᠃ᠠᠵᠢᠯ ᠤᠨ ᠬᠤᠪᠢᠶᠠᠷᠢᠯᠠᠯ       ᠬᠤᠰᠢᠭᠤ ᠳᠠᠷᠤᠭ᠎ᠠ ᠳᠤ ᠬᠠᠪᠰᠤᠷᠤᠨ᠂  ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂  ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯ ᠢ ᠬᠤᠪᠢᠳᠠᠨ ᠬᠠᠮᠢᠶᠠᠷᠤᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号