ᠰᠦᠨᠢᠳ ᠪᠠᠷᠠᠭᠤᠨ ᠬᠤᠰᠢᠭᠤᠨ ᠤ ᠨᠤᠳᠤᠭ ᠪᠡᠯᠴᠢᠭᠡᠷ ᠢ ᠡᠵᠡᠯᠡᠨ ᠭᠡᠷᠡᠭᠯᠡᠵᠦ ᠲᠤᠭᠳᠠᠭᠠᠯ ᠢ ᠵᠦᠷᠢᠴᠠᠨ ᠪᠠᠶᠢᠭᠤᠯᠤᠭᠰᠠᠨ ᠤᠩᠭᠤᠨ ᠤ ᠭᠠᠵᠡᠷ ᠢ ᠲᠤᠰᠬᠠᠢ ᠵᠠᠰᠠᠨ ᠴᠡᠭᠴᠡᠯᠡᠬᠦ ᠠᠵᠢᠯᠯᠠᠭ᠎ᠠ ᠶᠢ ᠦᠷᠨᠢᠬᠦᠯᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/3/8

     ᠤᠷᠤᠰᠢᠭᠤᠯᠭ᠎ᠠ ᠶᠢᠨ ᠠᠵᠢᠯ ᠤᠨ ᠲᠤᠬᠠᠢ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠵᠢᠭᠠᠪᠤᠷᠢ

ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠭᠳᠠᠭᠠᠯ ᠢ

ᠵᠦᠷᠢᠴᠡᠨ ᠪᠠᠶᠢᠭᠤᠯᠤᠭᠰᠠᠨ ᠤᠩᠭᠤᠨ ᠢ ᠲᠤᠰᠬᠠᠢ ᠵᠠᠰᠠᠨ ᠴᠡᠭᠴᠡᠯᠡᠬᠦ ᠠᠵᠢᠯ ᠤᠨ ᠦᠷ᠎ᠡ ᠪᠦᠳᠤᠮᠵᠢ ᠪᠤᠯᠤᠨ

ᠲᠤᠭᠳᠠᠭᠠᠯ ᠢ ᠵᠦᠷᠢᠴᠠᠨ ᠪᠠᠶᠢᠭᠤᠯᠤᠭᠰᠠᠨ ᠤᠩᠭᠤᠨ ᠢ ᠤᠷᠳᠤ ᠬᠤᠭᠤᠴᠠᠭ᠎ᠠ ᠪᠠᠷ ᠪᠦᠳᠤᠮᠵᠢᠳᠡᠢ ᠵᠠᠰᠠᠨ ᠴᠡᠭᠴᠡᠯᠡᠬᠦ

ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠠᠭᠠᠤ ᠪᠠᠳᠤᠳᠬᠠᠨ ᠲᠡᠭᠡᠭᠰᠢᠯᠡᠬᠦᠯᠵᠦ᠂ ᠠᠷᠠᠳ ᠤᠯᠠᠨ ᠤ

ᠤᠷᠤᠰᠢᠭᠤᠯᠭ᠎ᠠ ᠶᠢᠨ ᠦᠨᠳᠤᠰᠤᠨ ᠦᠢᠯᠡᠴᠢᠯᠠᠭᠡᠨ ᠤ ᠭᠡᠷᠡᠭᠴᠡᠭᠡ ᠱᠠᠭᠠᠷᠳᠠᠯᠭ᠎ᠠ ᠶᠢ ᠪᠠᠳᠤᠯᠠᠬᠤ ᠬᠢᠭᠡᠳ ᠠᠮᠢ ᠠᠬᠤᠢ

 ᠶᠢᠨ ᠤᠷᠴᠢᠨ ᠲᠤᠭᠤᠷᠢᠨ ᠢ ᠬᠠᠮᠠᠭᠠᠯᠠᠬᠤ ᠶᠢ ᠤᠷᠭᠠᠨᠢᠭ ᠢᠶᠠᠷ ᠤᠶᠠᠯᠳᠤᠭᠤᠯᠬᠤ ᠶᠢᠨ ᠲᠦᠯᠦᠬᠡ᠂ ᠲᠦᠷᠦ ᠶᠢᠨ

ᠶᠠᠪᠤᠳᠠᠯ ᠤᠨ ᠬᠤᠷᠢᠶᠠᠨ ᠤ ︽ᠤᠷᠤᠰᠢᠭᠤᠯᠭ᠎ᠠ ᠶᠢᠨ ᠬᠠᠮᠢᠶᠠᠷᠤᠯᠳᠠ ᠶᠢᠨ ᠲᠦᠷᠢᠮ︾ ᠵᠢᠴᠢ ᠲᠤᠭᠳᠠᠭᠠᠯ ᠠᠴᠠ

ᠵᠦᠷᠢᠴᠠᠨ ᠪᠠᠶᠢᠭᠤᠯᠤᠭᠰᠠᠨ ᠤᠩᠭᠤᠨ ᠤ ᠭᠠᠵᠡᠷ ᠢ ᠵᠠᠰᠠᠨ ᠴᠡᠭᠴᠡᠯᠡᠬᠦ ᠬᠠᠮᠢᠶ᠎ᠠ ᠪᠦᠬᠦᠢ ᠬᠠᠤᠯᠢ ᠴᠠᠭᠠᠵᠠ ᠶᠢᠨ

ᠲᠤᠭᠳᠠᠭᠠᠯ ᠢ ᠦᠨᠳᠤᠰᠤᠯᠠᠨ᠂ ︽ᠪᠠᠶᠢᠳᠠᠯ ᠢ ᠲᠤᠳᠤᠷᠬᠠᠢ ᠤᠶᠢᠯᠠᠭᠠᠬᠤ᠂ ᠭᠤᠤᠯᠳᠠᠯᠭ᠎ᠠ ᠶᠢ ᠲᠤᠪᠤᠶᠢᠯᠭᠠᠬᠤ᠂

ᠲᠦᠷᠦᠯ ᠬᠤᠪᠢᠶᠠᠨ ᠴᠡᠭᠴᠡᠯᠡᠬᠦ︾ ᠠᠵᠢᠯ ᠤᠨ ᠰᠠᠳᠬᠢᠴᠠ ᠶᠤᠰᠤᠭᠠᠷ᠂ ᠪᠦᠬᠦ ᠬᠤᠰᠢᠭᠤᠨ ᠤ ᠭᠡᠪᠴᠢᠶᠠᠨ ᠳᠤ

ᠨᠤᠳᠤᠭ ᠪᠡᠯᠴᠢᠬᠡᠷ ᠢ ᠡᠵᠡᠯᠡᠨ ᠭᠡᠷᠡᠭᠯᠡᠵᠦ ᠲᠤᠭᠳᠠᠭᠠᠯ ᠠᠴᠠ ᠵᠦᠷᠢᠴᠠᠨ ᠪᠠᠶᠢᠭᠤᠯᠤᠭᠰᠠᠨ ᠤᠩᠭᠤᠨ ᠤ ᠭᠠᠵᠡᠷ ᠢ

ᠵᠠᠰᠠᠨ ᠴᠡᠭᠴᠡᠯᠡᠬᠦ ᠠᠵᠢᠯᠯᠠᠭ᠎ᠠ ᠶᠢ ᠦᠷᠨᠢᠬᠦᠯᠬᠦ ᠪᠠᠷ ᠲᠤᠭᠳᠠᠪᠠ᠃ ᠡᠳᠤᠭᠡ ᠬᠠᠮᠢᠶ᠎ᠠ ᠪᠦᠬᠦᠢ ᠵᠦᠢᠯ ᠢ ᠲᠤᠤᠷᠡᠬᠢ

ᠮᠡᠳᠣ ᠵᠠᠷᠯᠠᠶ᠎ᠠ᠄

     ᠨᠢᠬᠡ᠂ ᠵᠠᠰᠠᠨ ᠴᠡᠭᠴᠡᠯᠡᠬᠦ ᠬᠠᠷᠠᠯᠳᠠ

     2022 ᠤᠨ ᠤ 3 ᠰᠠᠷ᠎ᠠ ᠶᠢᠨ 1 ᠤ ᠡᠳᠤᠷ ᠠᠴᠠ ᠡᠬᠢᠯᠡᠨ 4 ᠰᠠᠷ᠎ᠠ ᠶᠢᠨ 20 ᠤ ᠡᠳᠤᠷ ᠪᠤᠯᠳᠠᠯ᠎ᠠ᠂

ᠪᠦᠬᠦ ᠬᠤᠰᠢᠭᠤᠨ ᠤ ᠭᠡᠪᠴᠢᠶᠠᠨ ᠳᠤ ᠨᠤᠳᠤᠭ ᠪᠡᠯᠴᠢᠬᠡᠷ ᠢ ᠡᠵᠡᠯᠡᠨ ᠭᠡᠷᠡᠭᠯᠡᠵᠦ ᠲᠤᠭᠳᠠᠭᠠᠯ ᠢ ᠵᠦᠷᠢᠴᠠᠨ

ᠪᠠᠶᠢᠭᠤᠯᠤᠭᠰᠠᠨ ᠤᠩᠭᠤᠨ ᠤ ᠭᠠᠵᠡᠷ ᠢ ᠲᠤᠰᠬᠠᠢ ᠲᠦᠷᠦᠯ ᠢᠶᠠᠷ ᠵᠠᠰᠠᠨ ᠴᠡᠭᠴᠡᠯᠡᠬᠦ ᠠᠵᠢᠯᠯᠠᠭ᠎ᠠ ᠶᠢ ᠦᠷᠨᠢᠬᠦᠯᠵᠦ᠂

ᠵᠠᠰᠠᠨ ᠴᠡᠭᠴᠡᠯᠡᠬᠦ ᠤᠷᠤᠨ ᠲᠤᠭᠤᠷᠢᠭ ᠲᠤ ︽ᠬᠠᠭᠤᠴᠢᠨ ᠤᠩᠭᠤᠨ ᠢ ᠢᠯᠡ ᠪᠠᠶᠢᠯᠭᠠᠬᠤ ᠦᠬᠡᠢ᠂ ᠰᠢᠨ᠎ᠡ

ᠤᠩᠭᠤᠨ ᠨᠡᠮᠡᠬᠦ ᠦᠬᠡᠢ︾ ᠪᠠᠶᠢᠬᠤ ᠬᠠᠷᠠᠯᠳᠠ ᠶᠢ ᠪᠠᠶᠠᠯᠠᠬᠦᠯᠦᠨ᠎ᠡ᠃

     ᠬᠤᠶᠠᠷ᠂ ᠵᠠᠰᠠᠨ ᠴᠡᠭᠴᠡᠯᠡᠬᠦ ᠭᠤᠤᠯᠳᠠᠯᠭ᠎ᠠ

     ︵ᠨᠢᠬᠡ︶ ᠪᠦᠬᠦ ᠬᠤᠰᠢᠭᠤᠨ ᠤ ᠭᠡᠪᠴᠢᠶᠠᠨ ᠳᠠᠬᠢ ᠵᠠᠰᠠᠮᠠᠯ ᠵᠡᠮ ︵ᠤᠯᠤᠰ ᠮᠤᠵᠢ ᠶᠢᠨ ᠵᠡᠮ᠂ ᠰᠢᠶᠠᠨ

ᠰᠢᠶᠠᠩ ᠤᠨ ᠵᠡᠮ᠂ ᠵᠢᠭᠤᠯᠴᠢᠯᠠᠯ ᠤᠨ ᠵᠠᠰᠠᠮᠠᠯ ᠵᠡᠮ ᠵᠡᠷᠭᠡ︶᠂ ᠲᠠᠮᠤᠷ ᠵᠡᠮ ᠤᠨ ᠬᠤᠶᠠᠷ ᠬᠠᠵᠠᠭᠤ ᠳᠠᠬᠢ ᠨᠤᠳᠤᠭ

ᠪᠡᠯᠴᠢᠬᠡᠷ ᠢ ᠡᠵᠡᠯᠡᠨ ᠭᠡᠷᠡᠭᠯᠡᠵᠦ ᠲᠤᠭᠳᠠᠭᠠᠯ ᠠᠴᠠ ᠵᠦᠷᠢᠴᠠᠨ ᠪᠠᠶᠢᠭᠤᠯᠤᠭᠰᠠᠨ ᠢᠯᠡ ᠬᠠᠷᠠᠭᠳᠠᠬᠤ ᠲᠠᠷᠬᠠᠢ

ᠪᠤᠳᠠᠷᠬᠠᠢ ᠤᠩᠭᠤᠨ ᠪᠤᠯᠠᠰᠢ ᠪᠤᠯᠤᠨ ᠲᠡᠤᠭᠡᠨ ᠦᠯᠡᠳᠡᠭᠳᠡᠯ ᠤᠨ ᠲᠦᠪᠯᠡᠷᠡᠭᠰᠡᠨ ᠤᠩᠭᠤᠨ ᠢ ᠬᠠᠤᠯᠢ ᠶᠤᠰᠤᠭᠠᠷ

ᠵᠠᠰᠠᠨ ᠴᠡᠭᠴᠡᠯᠡᠨ᠎ᠡ᠃

     ︵ᠬᠤᠶᠠᠷ︶ ᠲᠤᠭᠳᠠᠭᠠᠯ ᠠᠴᠠ ᠵᠦᠷᠢᠴᠠᠨ ᠪᠠᠶᠢᠭᠤᠯᠤᠭᠰᠠᠨ ︽ᠤᠷᠤᠨ ᠰᠠᠭᠤᠴᠠ ᠶᠢᠨ ᠮᠠᠶ᠋ᠢᠭ︾ ᠤᠨ

ᠤᠩᠭᠤᠨ᠂ ᠬᠠᠳᠠᠭᠤᠷᠠᠭᠤᠯᠤᠭᠰᠠᠨ ᠲᠤᠮᠤ ᠤᠩᠭᠤᠨ᠂ ᠤᠷᠢᠳᠴᠢᠯᠠᠨ ᠪᠡᠯᠡᠳᠭᠡᠵᠦ ᠪᠠᠶᠢᠭᠤᠯᠤᠭᠰᠠᠨ ᠤᠩᠭᠤᠨ ᠵᠡᠷᠭᠡ

 ᠶᠢ ᠵᠠᠰᠠᠨ ᠴᠡᠭᠴᠡᠯᠡᠬᠦ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠵᠦ᠂ ᠲᠡᠬᠢᠨ ᠬᠠᠷᠭᠤᠭᠤᠯᠵᠦ᠂ ᠵᠠᠰᠠᠨ

ᠴᠡᠭᠴᠡᠯᠡᠨ᠎ᠡ᠃

     ︵ᠭᠤᠷᠪᠡ︶ ᠲᠠᠷᠬᠠᠢ ᠪᠤᠳᠠᠷᠬᠠᠢ ᠪᠠᠷ ᠤᠷᠤᠰᠢᠭᠤᠯᠤᠨ ᠪᠤᠯᠠᠰᠢᠯᠠᠬᠤ ᠶᠢ ᠴᠠᠭᠠᠵᠠᠯᠠᠬᠤ ᠤᠷᠤᠨ ᠢ

ᠬᠤᠪᠢᠶᠠᠷᠢᠯᠠᠨ ᠲᠤᠭᠳᠠᠭᠠᠵᠦ᠂ ᠪᠤᠯᠠᠰᠢᠯᠠᠨ ᠤᠷᠤᠰᠢᠭᠤᠯᠬᠤ ᠦᠬᠡᠷᠡᠴᠢᠯᠠᠯᠳᠠ ᠶᠢᠨ ᠤᠷᠤᠨ ᠳᠤ ᠭᠠᠭᠴᠠ ᠬᠦᠮᠦᠨ ᠤ

ᠤᠩᠭᠤᠨ ᠤ ᠡᠵᠡᠯᠡᠬᠦ ᠭᠠᠵᠡᠷ ᠢ 4 ᠲᠡᠭᠰᠢ ᠲᠦᠷᠪᠡᠯᠵᠢᠨ ᠮᠧᠲᠷ ᠠᠴᠠ ᠭᠡᠳᠤᠷᠡᠬᠦᠯᠬᠦ ᠦᠬᠡᠢ᠂ ᠬᠤᠶᠠᠷ ᠬᠦᠮᠦᠨ ᠢ

ᠬᠠᠮᠳᠤᠷᠠᠭᠤᠯᠤᠨ ᠤᠷᠤᠰᠢᠭᠤᠯᠬᠤ ᠤᠩᠭᠤᠨ ᠢ 6 ᠲᠡᠭᠰᠢ ᠲᠦᠷᠪᠡᠯᠵᠢᠨ ᠮᠧᠲᠷ ᠠᠴᠠ ᠬᠡᠳᠤᠷᠡᠬᠦᠯᠵᠦ ᠪᠤᠯᠬᠤ ᠦᠬᠡᠢ

᠂ ᠬᠦᠨ ᠪᠤᠯᠠᠰᠢᠯᠠᠬᠤ ᠶᠢᠨ ᠬᠠᠮᠳᠤ ᠤᠩᠭᠤᠨ ᠤ ᠰᠢᠷᠤᠢ ᠤᠪᠤᠭᠠᠯᠠᠵᠦ ᠪᠤᠯᠬᠤ ᠦᠬᠡᠢ᠂ ᠬᠠᠶᠢᠯᠤᠭᠤᠯᠤᠨ

ᠤᠷᠤᠰᠢᠭᠤᠯᠵᠦ ᠲᠠᠯᠪᠢᠬᠤ ᠲᠤᠭᠤᠷᠢᠭ ᠲᠠᠬᠢ ᠪᠡᠷᠢᠯᠭ᠎ᠠ ᠶᠢᠨ ᠲᠠᠯᠠᠪᠠᠢ ᠢ 1 ᠲᠡᠭᠰᠢ ᠲᠦᠷᠪᠡᠯᠵᠢᠨ ᠮᠧᠲᠷ ᠠᠴᠠ

ᠭᠡᠳᠤᠷᠡᠬᠦᠯᠵᠦ ᠪᠤᠯᠬᠤ ᠦᠬᠡᠢ᠂ ᠭᠡᠪᠳᠡᠭᠡ ᠤᠩᠭᠤᠨ ᠤ ᠬᠦᠰᠢᠶ᠎ᠠ ᠭᠡᠷᠡᠭᠯᠡᠬᠦ ᠪᠡ ᠴᠠᠭᠠᠨ ᠦᠩᠭᠡ ᠶᠢᠨ ᠬᠦᠰᠢᠶ᠎ᠠ

ᠭᠡᠷᠡᠭᠯᠡᠬᠦ ᠦᠬᠡᠢ ᠪᠠᠶᠢᠬᠤ ᠶᠢ ᠤᠷᠢᠶᠠᠯᠠᠵᠦ᠂ ᠤᠷᠳᠤ ᠬᠤᠭᠤᠴᠠᠭᠠᠨ ᠤ ᠪᠦᠳᠤᠮᠵᠢᠳᠠᠢ ᠬᠠᠮᠢᠶᠠᠷᠤᠯᠳᠠ ᠶᠢᠨ

ᠲᠤᠭᠳᠠᠯᠴᠠᠭ᠎ᠠ ᠶᠢ ᠪᠠᠶᠢᠭᠤᠯᠬᠤ ᠶᠢ ᠠᠬᠢᠭᠤᠯᠤᠨ᠎ᠠ᠃

     ᠭᠤᠷᠪᠡ᠂ ᠵᠠᠰᠠᠨ ᠴᠡᠭᠴᠡᠯᠡᠬᠦ ᠴᠠᠭ ᠤᠨ ᠬᠢᠵᠠᠭᠠᠷ

     2022 ᠤᠨ ᠤ 3 ᠰᠠᠷ᠎ᠠ ᠶᠢᠨ 1 ᠤ ᠡᠳᠤᠷ ᠠᠴᠠ ᠡᠬᠢᠯᠡᠨ 4 ᠰᠠᠷ᠎ᠠ ᠶᠢᠨ 20 ᠤ ᠡᠳᠤᠷ ᠬᠦᠷᠳᠡᠯ᠎ᠡ᠂

ᠪᠦᠬᠦ ᠬᠤᠰᠢᠭᠤᠨ ᠤ ᠭᠡᠪᠴᠢᠶᠠᠨ ᠳᠠᠬᠢ ᠵᠠᠰᠠᠮᠠᠯ ᠵᠡᠮ ︵ᠤᠯᠤᠰ ᠮᠤᠵᠢ ᠶᠢᠨ ᠵᠡᠮ᠂ ᠰᠢᠶᠠᠨ ᠰᠢᠶᠠᠩ ᠤᠨ ᠵᠡᠮ᠂

ᠵᠢᠭᠤᠯᠴᠢᠯᠠᠯ ᠤᠨ ᠵᠠᠰᠠᠮᠠᠯ ᠵᠡᠮ ᠵᠡᠷᠭᠡ︶᠂ ᠲᠡᠮᠤᠷ ᠵᠡᠮ ᠤᠨ ᠬᠤᠶᠠᠷ ᠬᠠᠵᠠᠭᠤ ᠳᠠᠬᠢ ᠨᠤᠳᠤᠭ ᠪᠡᠯᠴᠢᠭᠡᠷ ᠢ ᠡᠵᠡᠯᠡᠨ

ᠭᠡᠷᠡᠭᠯᠡᠭᠰᠡᠨ ᠢᠯᠡ ᠬᠠᠷᠠᠭᠳᠠᠬᠤ ᠲᠠᠷᠬᠠᠢ ᠪᠤᠳᠠᠷᠬᠠᠢ ᠤᠩᠭᠤᠨ᠂ ᠲᠤᠭᠳᠠᠭᠠᠯ ᠠᠴᠠ ᠵᠦᠷᠢᠴᠠᠨ ᠪᠠᠶᠢᠭᠤᠯᠤᠭᠰᠠᠨ ︽

ᠤᠷᠤᠨ ᠰᠠᠭᠤᠴᠠ ᠶᠢᠨ ᠮᠠᠶ᠋ᠢᠭ︾ ᠤᠨ ᠤᠩᠭᠤᠨ᠂ ᠬᠠᠳᠠᠭᠤᠷᠠᠭᠤᠯᠤᠭᠰᠠᠨ ᠲᠤᠮᠤ ᠤᠩᠭᠤᠨ᠂ ᠤᠷᠢᠳᠴᠢᠯᠠᠨ

ᠪᠡᠯᠡᠳᠭᠡᠵᠦ ᠪᠠᠶᠢᠭᠤᠯᠤᠭᠰᠠᠨ ᠤᠩᠭᠤᠨ ᠵᠡᠷᠭᠡ ᠶᠢ ᠭᠡᠷ ᠪᠦᠯᠢ ᠶᠢᠨ ᠬᠦᠮᠦᠰ ᠨᠢ ᠨᠤᠷᠠᠭᠠᠨ ᠠᠷᠢᠯᠭᠠᠬᠤ ᠭᠡᠷᠡᠭᠳᠡᠢ᠃

ᠲᠤᠭᠳᠠᠭᠰᠠᠨ ᠬᠤᠭᠤᠴᠠᠭᠠᠨ ᠲᠤᠳᠤᠷ᠎ᠡ  ᠭᠡᠷ ᠪᠦᠯᠢ ᠶᠢᠨ ᠬᠦᠮᠦᠰ ᠨᠢ ᠨᠡᠬᠦᠯᠬᠡᠨ ᠰᠢᠯᠵᠢᠬᠦᠯᠬᠦ ᠪᠤᠶᠤ ᠨᠤᠷᠠᠭᠠᠨ

ᠠᠷᠢᠯᠭᠠᠭᠰᠠᠨ ᠦᠬᠡᠢ ᠪᠠᠶᠢᠪᠡᠯ᠂ ᠬᠠᠷᠢᠶ᠎ᠠ ᠪᠦᠬᠦᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ

ᠳᠠᠶᠢᠴᠢᠯᠠᠨ᠂ ᠬᠠᠤᠯᠢ ᠶᠤᠰᠤᠭᠠᠷ ᠨᠢᠭᠡᠳᠤᠯᠳᠠᠢ ᠰᠢᠢᠳᠪᠤᠷᠢᠯᠡᠬᠦ ᠭᠡᠷᠡᠭᠳᠡᠢ᠃

     ᠲᠦᠷᠪᠡ᠂ ᠵᠠᠰᠠᠨ ᠴᠡᠭᠴᠡᠯᠡᠬᠦ ᠠᠷᠭ᠎ᠠ ᠠᠪᠴᠠᠯ

     ︵ᠨᠢᠬᠡ︶ ᠡᠵᠡᠨ ᠲᠠᠢ ᠤᠩᠭᠤᠨ ᠳᠤ ᠴᠢᠭᠯᠡᠬᠦᠯᠵᠦ᠂ ᠤᠩᠭᠤᠨ ᠪᠠᠶᠢᠭᠤᠯᠤᠭᠰᠠᠨ ᠬᠠᠮᠢᠶ᠎ᠠ ᠪᠦᠬᠦᠢ ᠭᠡᠷ

ᠪᠦᠯᠢ ᠶᠢᠨ ᠬᠢᠨ ᠢ ᠲᠠᠶᠢᠴᠢᠯᠠᠵᠦ᠂ ᠤᠬᠠᠮᠰᠠᠷ ᠠᠴᠠ ᠪᠠᠨ ᠴᠢᠨᠳᠠᠷ ᠪᠤᠶᠤ ᠭᠡᠬᠦᠷ ᠶᠠᠰᠤ ᠶᠢ ᠨᠢ ᠤᠶᠢᠷᠠᠯᠴᠠᠭ᠎ᠠ

ᠭᠠᠵᠡᠷ ᠲᠠᠬᠢ ᠨᠠᠶᠢᠳᠠ ᠶᠢᠨ ᠤᠩᠭᠤᠨ ᠪᠤᠶᠤ ᠲᠦᠪᠯᠡᠷᠡᠬᠦᠯᠦᠨ ᠤᠷᠤᠰᠢᠭᠤᠯᠬᠤ ᠭᠠᠵᠡᠷ ᠲᠤ ᠨᠡᠬᠦᠯᠬᠡᠨ ᠰᠢᠯᠵᠢᠬᠦᠯᠬᠦ

 ᠶᠢᠨ ᠬᠠᠮᠳᠤ ᠡᠵᠡᠯᠡᠬᠦ ᠭᠠᠵᠡᠷ ᠤᠨ  ᠲᠠᠯᠠᠪᠠᠢ ᠶᠢᠨ ᠲᠤᠭᠳᠠᠭᠠᠯ ᠶᠤᠰᠤᠭᠠᠷ ᠤᠷᠤᠰᠢᠭᠤᠯᠵᠦ᠂ ᠤᠨᠳᠤᠤ ᠭᠠᠵᠡᠷ ᠲᠤ

ᠤᠩᠭᠤᠨ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠵᠠᠷᠯᠠᠯ ᠤᠨ ᠬᠤᠭᠤᠴᠠᠭ᠎ᠠ ᠲᠠᠭᠤᠰᠤᠭᠰᠠᠨ ᠪᠤᠯᠪᠠᠴᠦ ᠭᠡᠷ ᠪᠦᠯᠢ

 ᠶᠢᠨ ᠬᠦᠮᠦᠰ ᠨᠢ ᠨᠡᠬᠦᠯᠬᠡᠨ ᠰᠢᠯᠵᠢᠬᠦᠯᠦᠭᠰᠠᠨ ᠦᠬᠡᠢ ᠪᠤᠶᠤ ᠬᠠᠳᠠᠭᠤᠷᠠᠭᠤᠯᠤᠭᠰᠠᠨ ᠪᠤᠳᠠᠰ ᠢ ᠨᠤᠷᠠᠭᠠᠨ

ᠠᠷᠢᠯᠭᠠᠭᠰᠠᠨ ᠦᠬᠡᠢ ᠤᠩᠭᠤᠨ ᠢ ᠡᠵᠡᠨ ᠦᠬᠡᠢ ᠤᠩᠭᠤᠨ ᠢᠶᠠᠷ  ᠰᠢᠢᠳᠪᠤᠷᠢᠯᠡᠨ᠎ᠡ᠃

     ︵ᠬᠤᠶᠠᠷ︶ ᠡᠵᠡᠨ ᠦᠬᠡᠢ ᠤᠩᠭᠤᠨ ᠳᠤ ᠴᠢᠭᠯᠡᠬᠦᠯᠵᠦ᠂ ᠵᠠᠷᠯᠠᠯ ᠨᠡᠶᠢᠳᠡᠯᠡᠯ ᠢᠶᠠᠷ ᠲᠠᠮᠵᠢᠨ ᠡᠵᠡᠨ ᠦᠬᠡᠢ

ᠤᠩᠭᠤᠨ ᠢᠶᠠᠷ ᠲᠤᠭᠳᠠᠭᠠᠭᠰᠠᠨ ᠤᠩᠭᠤᠨ ᠢ ᠡᠮᠬᠢ ᠲᠠᠷᠠᠭᠠᠯᠠᠯ ᠲᠠᠢ ᠴᠡᠪᠡᠷᠯᠡᠵᠦ᠂ ᠲᠠᠩᠰᠠ ᠪᠠᠶᠢᠭᠤᠯᠤᠨ᠂ ᠡᠷᠢᠵᠦ

ᠤᠯᠵᠦ ᠲᠠᠶᠢᠯᠬᠦ ᠲᠠᠮᠳᠡᠭ ᠲᠡᠯᠪᠢᠵᠦ᠂ ᠬᠠᠷᠢᠶ᠎ᠠ ᠪᠦᠬᠦᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ  

ᠬᠠᠤᠯᠢ ᠶᠤᠰᠤᠭᠠᠷ ᠨᠢᠬᠡᠳᠤᠯᠳᠠᠢ ᠰᠢᠢᠳᠪᠤᠷᠢᠯᠠᠵᠦ᠂ ᠦᠯᠡᠳᠡᠭᠳᠡᠯ ᠠᠰᠠᠭᠤᠳᠠᠯ ᠡᠬᠦᠰᠬᠦ ᠠᠴᠠ ᠵᠠᠶᠢᠯᠠᠰᠬᠢᠨ᠎ᠡ᠃

      ︵ᠭᠤᠷᠪᠡ︶ ᠲᠦᠪᠯᠡᠷᠡᠨ ᠵᠠᠯᠭᠠᠯᠳᠤᠭᠰᠠᠨ ᠬᠠᠳᠠᠭᠤᠷᠠᠭᠤᠯᠤᠭᠰᠠᠨ ᠤᠩᠭᠤᠨ ᠳᠤ ᠴᠢᠭᠯᠡᠬᠦᠯᠵᠦ᠂

ᠬᠠᠳᠠᠭᠤᠷᠠᠭᠤᠯᠤᠭᠰᠠᠨ ᠪᠤᠳᠠᠰ ᠪᠤᠯᠤᠨ ᠲᠤᠷ᠎ᠡ ᠪᠠᠷ ᠢᠶᠠᠨ ᠭᠠᠵᠡᠷ ᠬᠦᠷᠢᠶᠠᠯᠠᠨ ᠪᠠᠶᠢᠭᠤᠯᠤᠭᠰᠠᠨ ᠭᠡᠷᠡᠮ ᠢ ᠨᠤᠷᠠᠭᠠᠨ

ᠠᠷᠢᠯᠭᠠᠵᠦ᠂ ᠨᠠᠶᠢᠳᠠ ᠶᠢᠨ ᠤᠩᠭᠤᠨ ᠪᠤᠯᠭᠠᠨ ᠦᠬᠡᠷᠡᠴᠢᠯᠠᠨ ᠪᠠᠶᠢᠭᠤᠯᠵᠦ᠂ ᠮᠤᠳᠤ ᠲᠠᠷᠢᠵᠦ ᠨᠤᠭᠤᠭᠠᠷᠠᠭᠤᠯᠬᠤ᠂

ᠲᠤᠤᠷ ᠲᠠᠳᠠᠵᠦ ᠬᠠᠯᠬᠠᠯᠠᠬᠤ ᠵᠡᠷᠭᠡ ᠠᠷᠭ᠎ᠠ ᠠᠪᠴᠠᠯ ᠢᠶᠠᠷ ᠲᠦᠷᠢᠮᠵᠢᠬᠦᠯᠦᠨ ᠬᠠᠮᠢᠶᠠᠷᠤᠨ᠎ᠡ᠃ ᠡᠬᠦᠨ ᠤ ᠬᠠᠮᠳᠤ᠂

ᠵᠠᠰᠠᠨ ᠴᠡᠭᠴᠡᠯᠡᠬᠦ ᠤᠷᠤᠨ ᠲᠤᠭᠤᠷᠢᠭ ᠲᠤ ᠲᠤᠭᠳᠠᠭᠠᠯ ᠠᠴᠠ ᠵᠦᠷᠢᠴᠠᠨ ᠰᠢᠨ᠎ᠡ ᠪᠠᠷ ᠤᠩᠭᠤᠨ ᠪᠠᠶᠢᠭᠤᠯᠬᠤ ᠶᠢ

ᠲᠠᠰᠤ ᠬᠤᠷᠢᠭᠯᠠᠨ᠎ᠠ᠃

     ᠲᠠᠪᠤ᠂ ᠬᠠᠮᠢᠶ᠎ᠠ ᠪᠦᠬᠦᠢ ᠵᠦᠢᠯ

     ︵ᠨᠢᠬᠡ︶ ᠲᠤᠰ ᠵᠠᠷᠯᠠᠯ ᠢ ᠨᠡᠶᠢᠳᠡᠯᠡᠭᠰᠡᠨ ᠡᠳᠤᠷ ᠠᠴᠠ ᠡᠬᠢᠯᠡᠨ ᠭᠡᠷᠡᠭᠵᠢᠬᠦᠯᠵᠦ᠂ ᠬᠦᠢᠴᠡᠳ ᠪᠤᠰᠤ

ᠵᠦᠢᠯᠡᠰ ᠢ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠵᠢᠴᠢ ᠲᠦᠷᠦ ᠶᠢᠨ ᠪᠤᠳᠤᠯᠭ᠎ᠠ ᠶᠢᠨ

ᠲᠤᠭᠳᠠᠭᠠᠯ ᠶᠤᠰᠤᠭᠠᠷ ᠭᠡᠷᠡᠭᠵᠢᠬᠦᠯᠦᠨ᠎ᠡ᠃

      ︵ᠬᠤᠶᠠᠷ︶ ᠦᠷᠭᠡᠨ ᠤᠯᠠᠨ ᠺᠡᠳ᠋ᠷ ᠪᠡ ᠤᠯᠠᠨ ᠲᠦᠮᠡᠨ ᠤ ᠢᠳᠡᠪᠬᠢᠳᠡᠢ ᠬᠠᠮᠵᠢᠯᠴᠠᠵᠦ᠂ ᠲᠤᠰ ᠤᠳᠠᠭᠠᠨ

 ᠤ ᠲᠤᠰᠬᠠᠢ  ᠵᠠᠰᠠᠨ ᠴᠡᠭᠴᠡᠯᠡᠬᠦ ᠠᠵᠢᠯ ᠳᠤ ᠤᠬᠠᠮᠰᠠᠷ ᠠᠴᠠ ᠪᠠᠨ ᠤᠷᠤᠯᠴᠠᠵᠦ᠂ ᠤᠷᠤᠰᠢᠭᠤᠯᠭ᠎ᠠ ᠶᠢ

ᠲᠦᠬᠦᠮᠴᠢᠯᠠᠬᠦ᠂ ᠠᠮᠢ ᠠᠬᠤᠢ ᠶᠢ ᠬᠠᠮᠠᠭᠠᠯᠠᠬᠤ᠂ ᠭᠡᠪ ᠵᠠᠩᠰᠢᠯ ᠢᠶᠠᠨ ᠦᠬᠡᠷᠡᠴᠢᠯᠡᠭᠰᠡᠨ ᠤᠷᠤᠰᠢᠭᠤᠯᠭ᠎ᠠ ᠶᠢᠨ ᠰᠢᠨ᠎ᠡ

ᠭᠡᠪ ᠰᠤᠷᠳᠠᠯ ᠢ ᠬᠠᠮᠳᠤ ᠪᠠᠷ ᠪᠤᠢ ᠪᠤᠯᠭᠠᠬᠤ ᠶᠢ ᠬᠦᠰᠡᠵᠦ ᠪᠠᠶᠢᠨ᠎ᠡ᠃ ᠡᠬᠦᠨ ᠤ ᠬᠠᠮᠳᠤ᠂ ᠦᠷᠭᠡᠨ ᠤᠯᠠᠨ ᠺᠡᠳ᠋ᠷ

ᠪᠡ ᠤᠯᠠᠨ ᠲᠦᠮᠡᠨ ᠤ ᠵᠠᠷᠯᠠᠯ ᠤᠨ ᠠᠭᠤᠯᠭ᠎ᠠ ᠶᠢ ᠵᠦᠷᠢᠴᠡᠭᠰᠡᠨ ᠤᠶᠢᠯᠠ ᠠᠵᠢᠯᠯᠠᠭ᠎ᠠ ᠳᠤ ᠬᠢᠨᠠᠯᠳᠠ ᠲᠠᠯᠪᠢᠨ

ᠢᠯᠡᠴᠢᠯᠠᠨ ᠮᠡᠳᠡᠬᠦᠯᠬᠦ ᠶᠢ ᠵᠤᠷᠢᠭᠵᠢᠭᠤᠯᠤᠨ᠎ᠠ᠃

     ᠢᠯᠡᠴᠢᠯᠠᠨ ᠮᠡᠳᠡᠬᠦᠯᠬᠦ ᠤᠳᠠᠰᠤ᠄ 0479 — 7222801

                                                                       ᠰᠦᠨᠢᠳ ᠪᠠᠷᠠᠭᠤᠨ

ᠬᠤᠰᠢᠭᠤᠨ ᠤ ᠠᠷᠠᠳ ᠤᠨ ᠵᠠᠰᠠᠭ ᠤᠨ ᠤᠷᠳᠤᠨ

                                                                                 

2022 ᠤᠨ ᠤ 3 ᠰᠠᠷ᠎ᠠ ᠶᠢᠨ 1 ᠤ ᠡᠳᠤᠷ

 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号