ᠰᠦᠨᠢᠳ ᠪᠠᠷᠠᠭᠤᠨ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠢ ᠡᠯᠰᠡᠨ ᠴᠤᠭᠯᠠᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/1/11
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠭᠰᠠᠨ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠠᠷᠠᠳᠴᠢᠯᠠᠭᠰᠠᠨ ᠂ ᠰᠢᠨᠵᠢᠯᠡᠬᠦ ᠤᠬᠠᠭᠠᠨᠴᠢ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠳᠤ ᠣᠷᠣᠯᠴᠠᠬᠤ ᠢᠳᠡᠪᠬᠢᠵᠢᠯ ᠢ ᠨᠡᠮᠡᠭᠳᠡᠭᠦᠯᠦᠨ᠂ ᠣᠯᠠᠨ ᠲᠦᠮᠡᠨ ᠤ ᠬᠠᠮᠤᠭ ᠠᠴᠠ ᠰᠠᠨᠠᠭᠠᠰᠢᠷᠠᠵᠤ ᠪᠠᠶᠢᠭ᠎ᠠ᠂ ᠬᠠᠮᠤᠭ ᠤᠨ ᠪᠣᠳᠠᠲᠣ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠡᠩ ᠰᠠᠶᠢᠨ ᠠᠰᠢᠭ ᠬᠦᠷᠲᠡᠭᠡᠬᠦ ᠶᠢᠨ ᠲᠤᠯᠠᠳᠠ᠂ ᠰᠦᠨᠢᠳ ᠪᠠᠷᠠᠭᠤᠨ ᠬᠤᠰᠢᠭᠤᠨ ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢ ᠠᠴᠠ ᠪᠢᠯᠧᠲ ᠥᠭᠴᠦ ᠰᠢᠢᠳᠪᠦᠷᠢ ᠭᠠᠷᠭᠠᠬᠤ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠶᠢᠭᠡᠮ ᠨᠡᠶᠢᠲᠡ ᠳᠤ 2023 ᠣᠨ ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠢ ᠢᠯᠡ ᠪᠠᠷ ᠡᠯᠰᠡᠨ ᠴᠤᠭᠯᠠᠭᠤᠯᠬᠤ ᠪᠠᠷ ᠪᠠᠶᠢᠨ᠎ᠠ᠂᠃ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠲᠦ ᠵᠠᠷᠯᠠᠪᠠ᠄    ᠨᠢᠭᠡ᠂ ᠡᠯᠰᠡᠨ ᠴᠤᠭᠯᠠᠭᠤᠯᠬᠤ ᠴᠠᠭ ᠬᠤᠭᠤᠴᠠᠭ᠎ᠠ    ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2023 ᠣᠨ ᠤ 1 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ ᠶᠢᠨ 17 ᠴᠠᠭ ᠬᠦᠷᠲᠡᠯ᠎ᠡ᠃    ᠬᠤᠶᠠᠷ᠂ ᠡᠯᠰᠡᠨ ᠴᠤᠭᠯᠠᠭᠤᠯᠬᠤ ᠠᠷᠭ᠎ᠠ ᠵᠠᠮ ᠪᠠ ᠬᠦᠷᠢᠶ᠎ᠡ ᠬᠡᠪᠴᠢᠶ᠎ᠡ    ︵ᠨᠢᠭᠡ︶ ᠨᠡᠶᠢᠭᠡᠮ ᠨᠡᠶᠢᠲᠡ ᠠᠴᠠ ᠡᠯᠰᠡᠨ ᠴᠤᠭᠯᠠᠭᠤᠯᠬᠤ᠃ ᠸᠢᠴᠠᠲ᠂ ᠲᠧᠯᠸᠢᠰ ᠵᠡᠷᠭᠡ ᠣᠯᠠᠨ ᠠᠷᠭ᠎ᠠ ᠵᠠᠮ ᠢᠶᠠᠷ ᠳᠠᠮᠵᠢᠨ᠂ ᠨᠡᠶᠢᠭᠡᠮ ᠨᠡᠶᠢᠲᠡ ᠶᠢᠨ ᠡᠯ᠎ᠡ ᠡᠲᠡᠭᠡᠳ ᠤᠨ ᠬᠢᠨ ᠤ ᠰᠠᠨᠠᠭᠠᠴᠢᠯᠠᠵᠤ ᠪᠠᠶᠢᠭ᠎ᠠ ᠲᠦᠷᠦᠯ ᠵᠦᠢᠯ ᠢ ᠥᠷᠭᠡᠨ ᠢᠶᠠᠷ ᠡᠯᠰᠡᠨ ᠴᠤᠭᠯᠠᠭᠤᠯᠤᠨ᠎ᠠ᠃    ︵ᠬᠤᠶᠠᠷ︶ ᠭᠠᠴᠠᠭ᠎ᠠ᠂ ᠨᠡᠶᠢᠭᠡᠮ ᠲᠣᠭᠤᠷᠢᠭ ᠤᠨ ᠮᠠᠯᠴᠢᠳ ᠪᠤᠯᠤᠨ ᠰᠠᠭᠤᠭᠠᠯᠢ ᠠᠷᠠᠳ᠂ ︽ᠬᠤᠶᠠᠷ ᠲᠦᠯᠦᠭᠡᠯᠡᠭᠴᠢ ᠨᠢᠭᠡ ᠭᠡᠰᠢᠭᠦᠨ︾ ᠠᠴᠠ ᠴᠤᠭᠯᠠᠭᠤᠯᠬᠤ ᠲᠦᠷᠦᠯ ᠵᠦᠢᠯ᠃ ᠡᠯ᠎ᠡ ᠭᠠᠴᠠᠭ᠎ᠠ᠂ ᠨᠡᠶᠢᠭᠡᠮ ᠲᠣᠭᠤᠷᠢᠭ  ᠨᠢ ᠰᠠᠭᠤᠳᠠᠯ ᠤᠨ ᠬᠤᠷᠠᠯ᠂ ᠪᠠᠶᠢᠴᠠᠭᠠᠨ ᠰᠤᠳᠤᠯᠤᠯᠲᠠ᠂ ᠠᠰᠠᠭᠤᠨ ᠯᠠᠪᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ᠂ ᠥᠷᠭᠡᠨ ᠣᠯᠠᠨ ᠮᠠᠯᠴᠢᠨ᠂ ᠰᠠᠭᠤᠭᠠᠯᠢ ᠠᠷᠠᠳ ᠵᠢᠴᠢ ᠡᠯ᠎ᠡ ᠱᠠᠳᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠦᠯᠦᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠭᠠᠴᠢᠯᠠᠵᠤ ᠪᠠᠶᠢᠭ᠎ᠠ ᠲᠦᠷᠦᠯ ᠵᠦᠢᠯ ᠢ ᠥᠷᠭᠡᠨ ᠢᠶᠠᠷ ᠡᠯᠰᠡᠨ ᠴᠤᠭᠯᠠᠭᠤᠯᠤᠨ᠎ᠠ᠃    ᠭᠤᠷᠪᠠ᠂ ᠡᠯᠰᠡᠨ ᠴᠤᠭᠯᠠᠭᠤᠯᠬᠤ ᠭᠤᠣᠯ ᠠᠭᠤᠯᠭ᠎ᠠ    ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ︽ᠴᠢᠳᠠᠯ ᠤᠨ ᠬᠢᠷᠢ ᠪᠠᠷ ᠪᠣᠳᠠᠲᠠᠢ ᠠᠵᠢᠯ ᠬᠢᠬᠦ︾ ᠵᠠᠷᠴᠢᠮ ᠢ ᠪᠠᠷᠢᠮᠲᠠᠯᠠᠨ᠂ ᠣᠯᠠᠨ ᠲᠦᠮᠡᠨ ᠳᠤ ᠨᠡᠩ ᠰᠠᠶᠢᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠤᠶᠠᠯᠳᠤᠭᠰᠠᠨ ᠠᠷᠠᠳ ᠤᠨ ᠠᠮᠢᠳᠤᠷᠠᠯ ᠲᠠᠢ ᠬᠤᠯᠪᠤᠭᠳᠠᠭᠰᠠᠨ ᠲᠦᠷᠦᠯ ᠵᠦᠢᠯ ᠢ ᠡᠯᠰᠡᠨ ᠴᠤᠭᠯᠠᠭᠤᠯᠤᠨ᠎ᠠ᠃ ᠭᠤᠣᠯᠳᠠᠭᠤ᠄ ᠠᠵᠢᠯ ᠣᠯᠭᠤᠯᠲᠠ ᠶᠢᠨ ᠬᠦᠮᠦᠵᠢᠯ ᠪᠣᠯᠪᠠᠰᠤᠷᠠᠯ᠂ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠤ ᠵᠠᠰᠠᠨ ᠴᠡᠭᠴᠡᠯᠡᠯᠲᠡ᠂ ᠣᠷᠣᠨ ᠰᠠᠭᠤᠴᠠ ᠶᠢᠨ ᠪᠠᠲᠤᠯᠠᠭ᠎ᠠ᠂ ᠰᠣᠶᠣᠯ ᠤᠨ ᠪᠦᠲᠦᠭᠡᠨ ᠪᠠᠶᠢᠭᠤᠯᠤᠯᠲᠠ ᠂ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ᠂ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ᠂ ᠶᠠᠳᠠᠭᠤ ᠶᠢ ᠲᠡᠳᠬᠦᠬᠦ᠂ ᠠᠮᠤᠷ ᠲᠦᠪᠰᠢᠨ ᠤᠰᠤ ᠤᠮᠳᠠ᠂ ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭᠠᠨ‌ᠬᠠᠩᠭᠠᠯᠭ᠎ᠠ᠂ ᠮᠦᠩᠭᠦᠨ ᠭᠦᠢᠯᠭᠡᠭᠡᠨ ᠤ ᠦᠢᠯᠡᠴᠢᠯᠡᠭᠡ᠂ ᠠᠵᠤ ᠦᠢᠯᠡᠰ ᠤᠨ ᠬᠦᠭᠵᠢᠯᠲᠡ ᠵᠡᠷᠭᠡ ᠲᠠᠯ᠎ᠠ ᠶᠢ ᠪᠠᠭᠲᠠᠭᠠᠭᠰᠠᠨ ᠲᠦᠷᠦᠯ ᠵᠦᠢᠯ ᠪᠣᠯᠣᠨ᠎ᠠ᠃    ᠳᠥᠷᠪᠡ᠂ ᠡᠯᠰᠡᠨ ᠴᠤᠭᠯᠠᠭᠤᠯᠬᠤ ᠱᠠᠭᠠᠷᠳᠠᠯᠭ᠎ᠠ    ︵ᠨᠢᠭᠡ︶ ᠲᠥᠷᠥᠯ ᠵᠦᠢᠯ ᠤᠨ ᠭᠦᠢᠴᠡᠳᠬᠡᠬᠦ ᠴᠢᠨᠠᠷ ᠴᠢᠩᠭ᠎ᠠ ᠪᠠᠶᠢᠬᠤ᠃ ᠰᠠᠨᠠᠭᠠᠴᠢᠯᠠᠬᠤ ᠲᠦᠷᠦᠯ ᠵᠦᠢᠯ ᠳᠤ ᠲᠦᠷᠦᠯ ᠵᠦᠢᠯ ᠤᠨ ᠨᠡᠷᠡᠶᠢᠳᠦᠯ᠂ ᠲᠦᠷᠦᠯ ᠵᠦᠢᠯ ᠤᠨ ᠠᠭᠤᠯᠭ᠎ᠠ᠂ ᠭᠦᠢᠴᠡᠳᠬᠡᠬᠦ ᠭᠤᠣᠯ ᠴᠣᠭᠴᠠ᠂ ᠪᠡᠯᠡ ᠣᠷᠤᠭᠤᠯᠤᠯᠲᠠ ᠶᠢᠨ ᠬᠡᠮᠵᠢᠶ᠎ᠡ᠂ ᠪᠡᠯᠡ ᠮᠦᠩᠭᠦᠨ ᠤ ᠢᠷᠡᠯᠲᠡ ᠵᠢᠴᠢ ᠪᠤᠰᠣᠳ ᠬᠠᠩᠭᠠᠬᠤ ᠴᠢᠬᠤᠯᠠ ᠲᠠᠢ ᠠᠭᠤᠯᠭ᠎ᠠ ᠶᠢ ᠪᠠᠭᠲᠠᠭᠠᠨ᠎ᠠ᠃    ︵ᠬᠤᠶᠠᠷ︶ ᠲᠦᠷᠦᠯ ᠵᠦᠢᠯ ᠤᠨ ᠲᠦᠯᠦᠭᠡᠯᠡᠬᠦ ᠴᠢᠨᠠᠷ ᠴᠢᠩᠭ᠎ᠠ ᠪᠠᠶᠢᠬᠤ᠃ ᠲᠦᠷᠦᠯ ᠵᠦᠢᠯ ᠤᠨ ᠪᠠᠶᠢᠷᠢᠯᠠᠭᠤᠯᠤᠯᠲᠠ ᠨᠢ ᠲᠥᠯᠥᠭᠡᠯᠡᠬᠦ ᠴᠢᠨᠠᠷ ᠪᠠ ᠪᠦᠬᠦ ᠲᠠᠯᠠᠲᠤ ᠴᠢᠨᠠᠷ ᠲᠠᠢ ᠪᠠᠶᠢᠵᠦ᠂ ᠬᠠᠮᠤᠷᠠᠬᠤ ᠬᠦᠷᠢᠶ᠎ᠡ ᠬᠡᠪᠴᠢᠶ᠎ᠡ ᠪᠠ ᠠᠰᠢᠭ ᠬᠦᠷᠲᠡᠬᠦ ᠬᠦᠷᠢᠶ᠎ᠡ ᠬᠡᠪᠴᠢᠶ᠎ᠡ ᠥᠷᠭᠡᠨ ᠪᠠᠶᠢᠬᠤ ᠵᠡᠷᠭᠡ ᠣᠨᠴᠠᠯᠢᠭ ᠢ ᠪᠦᠷᠢᠯᠳᠦᠭᠦᠯᠦᠨ᠎ᠡ᠃    ︵ᠭᠤᠷᠪᠠ︶ ᠲᠥᠷᠥᠯ ᠵᠦᠢᠯ ᠤᠨ ᠪᠣᠯᠣᠯᠴᠠᠭᠠᠲᠤ ᠴᠢᠨᠠᠷ ᠴᠢᠩᠭ᠎ᠠ ᠪᠠᠶᠢᠬᠤ᠃ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠴᠢᠳᠠᠯ ᠤᠨ ᠬᠢᠷᠢ ᠪᠠᠷ ᠡᠳ᠋ ᠤᠨ ᠬᠦᠴᠦᠨ ᠳᠤ ᠲᠦᠪᠯᠡᠷᠡᠭᠦᠯᠦᠨ᠂ ᠠᠷᠠᠳ ᠲᠤ ᠠᠰᠢᠭ ᠬᠦᠷᠲᠡᠭᠡᠬᠦ ᠪᠣᠳᠠᠲᠠᠢ ᠠᠵᠢᠯ ᠬᠢᠨ᠎ᠡ᠃    ︵ᠲᠥᠷᠪᠡ︶ ᠲᠦᠷᠦᠯ ᠵᠦᠢᠯ ᠤᠨ ᠡᠵᠡᠮᠳᠡᠵᠦ ᠲᠡᠶᠢᠯᠦᠬᠦᠶᠢᠴᠡ ᠴᠢᠨᠠᠷ ᠴᠢᠩᠭ᠎ᠠ ᠪᠠᠶᠢᠬᠤ᠃ ᠪᠦᠲᠦᠭᠡᠨ ᠪᠠᠶᠢᠭᠤᠯᠤᠯᠲᠠ ᠶᠢᠨ ᠦᠢᠯᠡᠳᠦᠯ ᠤᠨ ᠬᠤᠭᠤᠴᠠᠭ᠎ᠠ ᠨᠢ ᠡᠵᠡᠮᠳᠡᠵᠦ ᠲᠡᠶᠢᠯᠦᠬᠦᠶᠢᠴᠡ ᠴᠢᠨᠠᠷ ᠢ ᠪᠦᠷᠢᠯᠳᠦᠭᠦᠯᠵᠦ᠂ ᠡᠩ ᠤᠨ ᠪᠠᠶᠢᠳᠠᠯ ᠳᠤ ᠲᠣᠬᠠᠢ ᠶᠢᠨ ᠵᠢᠯ ᠳᠡᠭᠡᠨ ᠳᠠᠭᠤᠰᠬᠠᠬᠤ ᠪᠤᠶᠤ ᠱᠠᠲᠤᠴᠢ ᠴᠢᠨᠠᠷ ᠲᠠᠢ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃    ᠲᠠᠪᠤ᠂ ᠮᠡᠳᠡᠬᠦᠯᠭᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠬᠡᠯᠪᠡᠷᠢ    ︵ᠨᠢᠭᠡ︶ ᠨᠡᠶᠢᠭᠡᠮ ᠠᠴᠠ ᠡᠯᠰᠡᠨ ᠴᠤᠭᠯᠠᠭᠤᠯᠬᠤ ᠲᠦᠷᠦᠯ ᠵᠦᠢᠯ᠃ ᠰᠠᠨᠠᠭᠠᠴᠢᠯᠠᠬᠤ ᠲᠦᠷᠦᠯ ᠵᠦᠢᠯ ᠢ ︽ᠰᠦᠨᠢᠳ ᠪᠠᠷᠠᠭᠤᠨ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠲᠠᠢ ᠬᠤᠯᠪᠤᠭᠳᠠᠭᠰᠠᠨ ᠲᠦᠷᠦᠯ ᠵᠦᠢᠯ ᠢ ᠡᠯᠰᠡᠨ ᠴᠤᠭᠯᠠᠭᠤᠯᠬᠤ  ᠬᠦᠰᠦᠨᠦᠭ︾ ᠤᠨ ᠱᠠᠭᠠᠷᠳᠠᠯᠭ᠎ᠠ ᠶᠣᠰᠣᠭᠠᠷ ᠳᠦᠷᠢᠮᠵᠢᠬᠦᠨ ᠲᠠᠭᠯᠠᠭᠰᠠᠨ ︵ᠪᠣᠳᠠᠳᠣ ᠠᠭᠤᠯᠭ᠎ᠠ ᠶᠢ ᠬᠦᠰᠦᠨᠦᠭ ᠠᠴᠠ ᠦᠵᠡᠭᠡᠷᠡᠢ︶ ᠤ ᠳᠠᠷᠠᠭ᠎ᠠ᠂ ᠲᠣᠭᠲᠠᠭᠰᠠᠨ ᠰᠢᠤᠳᠠᠨ ᠬᠠᠶ᠋ᠢᠭ ᠲᠤ ᠶᠠᠪᠤᠭᠤᠯᠤᠨ᠎ᠠ᠃    ︵ᠬᠤᠶᠠᠷ︶ ᠡᠯ᠎ᠡ ᠭᠠᠴᠠᠭᠠᠨ ᠤ ᠮᠠᠯᠴᠢᠳ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠣᠨ ︽ᠬᠤᠶᠠᠷ ᠲᠦᠯᠦᠭᠡᠯᠡᠭᠴᠢ ᠨᠢᠭᠡ ᠭᠡᠰᠢᠭᠦᠨ︾ ᠠᠴᠠ ᠡᠯᠰᠡᠨ ᠴᠤᠭᠯᠠᠭᠤᠯᠬᠤ ᠲᠦᠷᠦᠯ ᠵᠦᠢᠯ᠃ ᠡᠯ᠎ᠡ ᠭᠠᠴᠠᠭ᠎ᠠ᠂ ᠨᠡᠶᠢᠭᠡᠮ ᠲᠣᠭᠤᠷᠢᠭ ᠨᠢ ᠰᠠᠨᠠᠭᠠᠴᠢᠯᠠᠬᠤ ᠲᠦᠷᠦᠯ ᠵᠦᠢᠯ ᠢ ᠬᠠᠷᠢᠭᠤᠴᠠᠵᠤ᠂ ᠬᠢᠨᠠᠮᠠᠭᠠᠢ ᠬᠢᠨᠠᠨ ᠬᠠᠷᠭᠤᠭᠤᠯᠵᠤ ᠲᠣᠭᠲᠠᠭᠰᠠᠨ ᠤ ᠳᠠᠷᠠᠭ᠎ᠠ᠂ ᠡᠯ᠎ᠡ ᠰᠤᠮᠤ ᠪᠠᠯᠭᠠᠰᠤᠨ ᠳᠤ ᠪᠠᠨ ᠮᠡᠳᠡᠭᠦᠯᠦᠨ᠎ᠡ᠃ ᠡᠯ᠎ᠡ ᠰᠤᠮᠤ ᠪᠠᠯᠭᠠᠰᠤ ᠨᠠᠷᠢᠨ ᠬᠠᠷᠭᠤᠭᠤᠯᠵᠤ᠂ ᠨᠢᠮᠪᠠᠢ ᠰᠤᠳᠤᠯᠤᠭᠰᠠᠨ ᠤ ᠳᠠᠷᠠᠭ᠎ᠠ᠂ ᠠᠯᠪᠠᠨ ᠪᠢᠴᠢᠭ ᠤᠨ ᠬᠡᠯᠪᠡᠷᠢ ᠪᠠᠷ ︵︽ᠰᠦᠨᠢᠳ ᠪᠠᠷᠠᠭᠤᠨ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠢ ᠡᠯᠰᠡᠨ ᠴᠤᠭᠯᠠᠭᠤᠯᠬᠤ  ᠬᠦᠰᠦᠨᠦᠭ︾  ᠢ ᠳᠠᠭᠠᠯᠳᠤᠭᠤᠯᠬᠤ ᠬᠡᠷᠡᠭᠲᠡᠢ︶ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ510 ᠲᠠᠰᠤᠭ ᠲᠤ ᠬᠦᠷᠭᠡᠨ᠎ᠡ᠃    ᠳᠠᠭᠠᠯᠳᠤᠭᠤᠯᠤᠯ᠄ ᠰᠦᠨᠢᠳ ᠪᠠᠷᠠᠭᠤᠨ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠢ ᠡᠯᠰᠡᠨ ᠴᠤᠭᠯᠠᠭᠤᠯᠬᠤ ᠬᠦᠰᠦᠨᠦᠭ                                    ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                       2023 ᠣᠨ ᠤ 1 ᠰᠠᠷ᠎ᠠ                                                                                    ︵ᠬᠠᠷᠢᠯᠴᠠᠬᠤ ᠬᠦᠮᠦᠨ᠄  ᠦᠷᠭᠡᠨ᠂ ᠬᠠᠷᠢᠯᠴᠠᠬᠤ ᠤᠳᠠᠰᠤᠭᠠᠢ᠄ 7222644᠂ ᠢᠮᠧᠯ᠄ xsqmrg@126.com
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号