ᠰᠦᠨ ᠦᠢᠯᠡᠰᠴᠢᠳ ᠤᠨ ᠰᠤᠳᠤᠨ ᠴᠤᠭᠯᠠᠭᠠᠨ
ᠨᠡᠶᠢᠲᠡᠯᠡᠭᠰᠡᠨ ᠴᠠᠭ᠄
2023/11/15
     ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠢᠶᠠᠨ ᠲᠡᠭᠡᠳᠦᠯᠡᠨ᠂ ᠡᠨᠡ ᠰᠠᠶᠢᠬᠠᠨ ᠦᠢᠯᠡᠰ ᠢᠶᠠᠨ ᠡᠷᠬᠢᠯᠡᠨ ᠡᠵᠡᠩᠨᠡᠭᠴᠢᠳ ᠢ ᠬᠦᠬᠢᠭᠦᠯᠦᠨ ᠵᠤᠷᠢᠭᠵᠢᠭᠤᠯᠬᠤ ᠶᠢᠨ ᠲᠠᠭᠠᠤ ᠨᠡᠩ ᠤᠯᠠᠨ ᠬᠦᠮᠦᠰ ᠲᠤ ᠲᠠᠨᠢᠭᠤᠯᠤᠨ ᠮᠡᠳᠡᠷᠡᠭᠦᠯᠵᠦ ᠂ ᠤᠶᠢᠯᠠᠭᠠᠭᠤᠯᠤᠨ ᠤᠬᠠᠭᠤᠯᠬᠤ ᠵᠤᠷᠢᠯᠲᠠ ᠲᠠᠢ ᠶᠠᠪᠤᠭᠳᠠᠭᠰᠠᠨ ᠬᠤᠰᠢᠭᠤ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ︽ᠰᠠᠭᠠᠯᠢ ᠲᠠᠢ ᠨᠤᠲᠤᠭ︾ ᠠᠮᠲᠠᠲᠤ ᠢᠳᠡᠭᠡᠨ ᠤ ᠰᠢᠯᠭᠠᠷᠠᠭᠤᠯᠤᠯᠳᠠ ᠶᠢᠨ ᠴᠤᠭᠯᠠᠭᠠᠨ ᠦᠨᠢᠷ ᠰᠠᠶᠢᠬᠠᠨ ᠶᠠᠪᠤᠭᠳᠠᠭᠰᠠᠨ ᠮᠡᠳᠡᠭᠡᠯᠡᠯ ᠢ ᠲᠠ ᠪᠦᠬᠦᠨ ᠳᠡᠭᠡᠨ ᠲᠤᠭᠤᠯᠭᠠᠬᠤ ᠳᠤ ᠤᠷᠮᠠᠲᠠᠢ ᠪᠠᠶᠢᠨ᠎ᠠ︕      ᠬᠤᠰᠢᠭᠤ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ ᠵᠢᠴᠢ ᠠᠶᠢᠮᠠᠭ ᠤᠨ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭ ᠠᠴᠠ ᠢᠪᠡᠭᠡᠨ ᠳᠡᠳᠬᠦᠵᠦ᠂ 7 ᠰᠤᠮᠤ ᠪᠠᠯᠭᠠᠰᠤᠨ ᠤ ᠬᠡᠰᠡᠭ ᠴᠠᠭᠠᠨ ᠢᠳᠡᠭᠡᠨ ᠤ ᠠᠵᠤ ᠦᠢᠯᠡᠰ ᠡᠷᠬᠢᠯᠡᠭᠴᠢᠳ ᠤᠨ ᠤᠷᠤᠯᠴᠠᠯᠠᠭ᠎ᠠ ᠲᠠᠢ ᠶᠠᠪᠤᠭᠳᠠᠭᠰᠠᠨ ᠲᠤᠰ ᠴᠤᠭᠯᠠᠭᠠᠨ ᠨᠢ ᠰᠠᠭᠠᠯᠢᠴᠢᠨ ᠤᠯᠠᠨ ᠤ ᠤᠷᠠᠨ ᠭᠠᠷ ᠢᠶᠠᠷ ᠪᠦᠲᠦᠭᠡᠭᠳᠡᠭᠰᠡᠨ ᠨᠢᠳᠦ ᠡᠷᠢᠶᠡᠯᠵᠠᠮ᠎ᠡ ᠤᠯᠠᠨ ᠰᠠᠶᠢᠬᠠᠨ ᠪᠦᠲᠦᠭᠡᠯ ᠢᠶᠠᠷ ᠬᠤᠷᠠᠭᠰᠠᠨ ᠤᠯᠠᠨ ᠤ ᠬᠠᠷᠠᠭ᠎ᠠ ᠶᠢ ᠮᠢᠯᠢᠶᠠᠭᠰᠠᠨ ᠭᠤᠴᠤ ᠰᠠᠶᠢᠬᠠᠨ ᠪᠦᠲᠦᠭᠡᠯ ᠤᠨ ᠰᠢᠯᠭᠠᠷᠠᠭᠤᠯᠤᠯᠳᠠ ᠵᠢᠴᠢ ᠠᠬᠤᠢ ᠲᠠᠯᠠᠪᠠᠢ ᠶᠢᠨ ᠰᠢᠨ᠎ᠡ ᠮᠠᠶ᠋ᠢᠭ ᠤᠨ ᠬᠤᠷᠤᠳ ᠬᠢᠬᠦ ᠤᠷᠤᠯᠳᠤᠭᠠᠨ᠂ ᠠᠬᠤᠢ ᠲᠠᠯᠠᠪᠠᠢ ᠶᠢᠨ ᠤᠯᠠᠮᠵᠢᠯᠠᠯᠲᠤ ᠪᠠ ᠰᠢᠨ᠎ᠡ ᠮᠠᠶ᠋ᠢᠭ ᠤᠨ ᠲᠦᠳ᠋ ᠬᠢᠬᠦ ᠤᠷᠤᠯᠳᠤᠭᠠᠨ ᠵᠡᠷᠭᠡ ᠠᠭᠤᠯᠭ᠎ᠠ ᠪᠠᠷ ᠶᠠᠪᠤᠭᠳᠠᠭᠰᠠᠨ ᠪᠢᠯᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号