ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠲᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠪᠠᠴᠢᠮ | ᠡᠮᠨᠡᠯᠭᠡ ᠶᠢᠨ ᠬᠡᠮᠵᠢᠶ᠎ᠡ ᠨᠡᠮᠡᠭᠳᠡᠵᠦ᠂ ᠠᠮᠢᠰᠬᠤᠯ ᠤᠨ ᠵᠠᠮ ᠤᠨ ᠡᠪᠡᠳᠴᠢᠨ ᠳᠤ ᠬᠠᠯᠳᠠᠪᠤᠷᠢᠯᠠᠭᠳᠠᠭᠰᠠᠨ ᠬᠡᠦᠬᠡᠳ | ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ 23 ᠤ ᠡᠳᠦᠷ ᠰᠢᠨᠬᠤᠸᠠ ᠬᠤᠷᠢᠶᠠᠨ ᠤ ᠲᠤᠰᠠᠭᠠᠷ ᠰᠣᠷᠪᠤᠯᠵᠢᠯᠠᠭ᠎ᠠ ᠶᠢ | ᠬᠦᠯᠢᠶᠡᠬᠦ ᠳᠤ ᠪᠠᠨ ᠠᠷᠠᠳ ᠣᠯᠠᠨ ᠢᠯᠠᠩᠭᠤᠶ᠎ᠠ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ ᠰᠠᠨᠠᠭᠠᠰᠢᠷᠠᠵᠤ | ᠪᠠᠶᠢᠭ᠎ᠠ ᠠᠰᠠᠭᠤᠳᠠᠯ ᠤᠳ ᠤᠨ ᠲᠤᠬᠠᠢ ᠬᠠᠷᠢᠭᠤᠯᠵᠠᠢ᠃ ᠠᠰᠠᠭᠤᠯᠲᠠ᠄ ᠣᠶᠢᠷ᠎ᠠ ᠳᠤ ᠴᠥᠭᠡᠨ ᠪᠤᠰᠤ | ᠭᠠᠵᠠᠷ ᠤᠨ ᠬᠡᠦᠬᠡᠳ ᠤᠨ ᠲᠤᠰᠬᠠᠢ ᠡᠮᠨᠡᠯᠭᠡ ᠶᠢᠨ ᠬᠤᠷᠢᠶᠠᠨ ᠳᠤ ᠬᠥᠮᠥᠨ ᠳᠦᠭᠦᠷᠴᠦ ᠪᠠᠶᠢᠨ᠎ᠠ᠂ ᠡᠭᠦᠨ ᠢ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠶᠠᠮᠠᠷ ᠠᠷᠭ᠎ᠠ ᠬᠡᠮᠵᠢᠶ᠎ᠡ ᠠᠪᠴᠤ ᠰᠢᠢᠳᠪᠦᠷᠢᠯᠡᠵᠦ | ᠪᠠᠶᠢᠭ᠎ᠠ ᠪᠤᠶ︖ ᠬᠠᠷᠢᠭᠤᠯᠲᠠ᠄ ᠣᠶᠢᠷ᠎ᠠ ᠳᠤ ᠪᠢᠳᠡ ᠬᠠᠯᠳᠠᠪᠤᠷᠢᠲᠤ ᠡᠪᠡᠳᠴᠢᠨ ᠶᠡᠭᠡ ᠪᠠᠷ ᠳᠡᠯᠭᠡᠷᠡᠵᠦ ᠪᠠᠶᠢᠭ᠎ᠠ | ᠬᠤᠭᠤᠴᠠᠭᠠᠨ ᠳᠠᠬᠢ ᠬᠠᠯᠳᠠᠪᠤᠷᠢᠯᠠᠮᠠᠲᠠᠭᠠᠢ ᠬᠡᠦᠬᠡᠳ ᠢ ᠡᠮᠴᠢᠯᠡᠭᠦᠯᠬᠦ ᠶᠢ ᠦᠷᠭᠦᠯᠵᠢᠯᠡᠨ ᠠᠩᠬᠠᠷᠴᠤ᠂ ᠡᠯ᠎ᠡ ᠭᠠᠵᠠᠷ ᠢ | ᠵᠢᠯᠣᠭᠤᠳᠤᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠱᠠᠲᠤ ᠬᠤᠪᠢᠶᠠᠨ ᠣᠨᠣᠰᠢᠯᠠᠨ | ᠡᠮᠴᠢᠯᠡᠬᠦ ᠳᠦᠷᠢᠮ ᠢ ᠨᠠᠶᠢᠳᠠᠪᠤᠷᠢᠵᠢᠭᠤᠯᠪᠠ᠃ ᠠᠰᠠᠭᠤᠯᠲᠠ᠄ ᠬᠡᠰᠡᠭ ᠨᠡᠶᠢᠭᠡᠮ ᠲᠣᠭᠤᠷᠢᠭ ᠤᠨ ᠡᠮᠨᠡᠯᠭᠡ ᠶᠢᠨ | ᠬᠤᠷᠢᠶ᠎ᠠ ᠣᠶᠢᠷ᠎ᠠ ᠳᠤ ᠬᠡᠦᠬᠡᠳ ᠲᠤ ᠬᠠᠨᠳᠤᠭᠤᠯᠤᠭᠰᠠᠨ ᠪᠠᠶᠢᠴᠠᠭᠠᠬᠤ ᠦᠢᠯᠡᠴᠢᠯᠡᠭᠡ ᠭᠠᠷᠭᠠᠭᠰᠠᠨ ᠪᠣᠯᠪᠠᠴᠤ ᠵᠠᠷᠢᠮ | ᠭᠡᠷ ᠤᠨ ᠠᠬᠠᠮᠠᠳ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠴᠢᠯᠡᠬᠦ ᠴᠢᠳᠠᠪᠤᠷᠢ | ᠬᠦᠷᠦᠯᠴᠡᠬᠦ ᠦᠭᠡᠢ ᠠᠴᠠ ᠪᠣᠯᠵᠤ ᠬᠡᠦᠬᠡᠳ ᠤᠨ ᠡᠪᠡᠳᠴᠢᠨ ᠢ ᠰᠠᠭᠠᠲᠠᠭᠠᠬᠤ ᠠᠴᠠ ᠠᠶᠤᠵᠤ ᠪᠠᠶᠢᠨ᠎ᠠ᠂ ᠶᠠᠭᠠᠬᠢᠪᠠᠯ | ᠵᠣᠬᠢᠬᠤ ᠪᠣᠶ︖ ᠬᠠᠷᠢᠭᠤᠯᠲᠠ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠭᠠᠵᠠᠷ ᠢ | ᠡᠮᠴᠢᠯᠡᠭᠡᠨ ᠤ ᠬᠤᠯᠪᠣᠭ᠎ᠠ ᠶᠢᠨ ᠦᠢᠯᠡᠳᠦᠯ ᠢᠶᠠᠨ ᠪᠠᠳᠠᠷᠠᠭᠤᠯᠵᠤ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠠᠬᠢ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠡᠩ ᠤᠨ ᠴᠢᠨᠠᠷᠲᠠᠢ | ᠬᠠᠯᠳᠠᠪᠤᠷᠢᠯᠠᠯ ᠢ ᠣᠨᠣᠰᠢᠯᠠᠨ ᠡᠮᠴᠢᠯᠡᠬᠦ ᠴᠢᠳᠠᠪᠤᠷᠢ ᠪᠠ ᠬᠦᠨᠳᠦ ᠡᠪᠡᠳᠴᠢᠨ ᠢ ᠢᠯᠭᠠᠨ ᠲᠠᠨᠢᠵᠤ ᠰᠢᠯᠵᠢᠭᠦᠯᠦᠨ | ᠡᠮᠴᠢᠯᠡᠭᠦᠯᠬᠦ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠠᠰᠠᠭᠤᠯᠲᠠ᠄ ᠶᠠᠮᠠᠷ ᠶᠠᠮᠠᠷ | ᠡᠮᠨᠡᠯᠭᠡ ᠶᠢᠨ ᠬᠤᠷᠢᠶ᠎ᠠ ᠬᠡᠦᠬᠡᠳ ᠤᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠡᠪᠡᠳᠴᠢᠲᠡᠨ ᠢ ᠬᠦᠯᠢᠶᠡᠨ | ᠠᠪᠬᠤ ᠬᠢᠷᠢ ᠬᠡᠮ ᠲᠠᠢ ᠪᠣᠢ︖ ᠬᠠᠷᠢᠭᠤᠯᠲᠠ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠡᠯ᠎ᠡ ᠭᠠᠵᠠᠷ ᠢ ᠵᠢᠭᠠᠨ ᠵᠢᠯᠤᠭᠤᠳᠴᠤ ᠪᠠᠶᠢᠭᠠᠳ ᠲᠣᠰ ᠭᠠᠵᠠᠷ ᠤᠨ ᠬᠡᠦᠬᠡᠳ ᠤᠨ ᠰᠠᠯᠠᠭᠠᠨ ᠤ ᠣᠨᠣᠰᠢᠯᠠᠨ | ᠡᠮᠴᠢᠯᠡᠬᠦ ᠦᠢᠯᠡᠴᠢᠯᠡᠭᠡ ᠬᠠᠩᠭᠠᠵᠤ ᠪᠣᠯᠬᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠶᠢ ᠨᠡᠶᠢᠲᠡᠯᠡᠵᠦ᠂ ᠣᠶᠢᠷ᠎ᠠ | ᠬᠠᠪᠢ ᠳᠤ ᠪᠠᠨ ᠡᠮᠴᠢᠯᠡᠭᠦᠯᠬᠦ ᠳᠤ ᠳᠥᠬᠦᠮᠯᠡᠪᠡ᠃ ᠠᠰᠠᠭᠤᠯᠲᠠ᠄ ᠬᠡᠦᠬᠡᠳ ᠬᠠᠯᠠᠭᠤᠷᠠᠵᠤ ᠬᠠᠨᠢᠶᠠᠭᠰᠠᠨ ᠤ | ᠳᠠᠷᠠᠭ᠎ᠠ ᠶᠠᠭᠠᠬᠢᠪᠠᠯ ᠵᠣᠬᠢᠬᠤ ᠪᠣᠢ︖ ᠬᠠᠷᠢᠭᠤᠯᠲᠠ᠄ ᠲᠣᠮᠣ ᠡᠮᠨᠡᠯᠭᠡ ᠶᠢᠨ ᠬᠤᠷᠢᠶᠠᠨ ᠳᠤ ᠬᠥᠮᠥᠨ ᠣᠯᠠᠨ᠂ | ᠬᠦᠯᠢᠶᠡᠬᠦ ᠴᠠᠭ ᠨᠢ ᠤᠷᠲᠤ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ ᠥᠨᠳᠥᠷ᠂ ᠡᠪᠡᠳᠴᠢᠨ ᠤ | ᠪᠠᠶᠢᠳᠠᠯ ᠨᠢ ᠨᠡᠯᠢᠶᠡᠳ ᠬᠥᠩᠭᠡᠨ ᠬᠡᠦᠬᠡᠳ ᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭ᠎ᠠ ᠵᠡᠷᠭᠡ ᠳᠤ ᠡᠮᠴᠢᠯᠡᠭᠦᠯᠬᠦ ᠶᠢ | ᠰᠠᠨᠠᠭᠤᠯᠤᠨ᠎ᠠ᠃ ᠬᠡᠦᠬᠡᠳ ᠤᠨ ᠲᠤᠰᠬᠠᠢ ᠡᠮᠨᠡᠯᠭᠡ ᠶᠢᠨ ᠬᠤᠷᠢᠶ᠎ᠠ ᠣᠨᠣᠰᠢᠯᠠᠨ ᠡᠮᠴᠢᠯᠡᠬᠦ ᠲᠥᠰᠥᠯ ᠢ | ᠲᠣᠳᠣᠷᠬᠠᠶᠢᠯᠠᠭᠰᠠᠨ ᠤ ᠳᠠᠷᠠᠭ᠎ᠠ᠂ ᠡᠮᠴᠢᠯᠡᠭᠡᠨ ᠤ ᠬᠤᠯᠪᠣᠭ᠎ᠠ ᠪᠠᠷ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠰᠢᠯᠵᠢᠭᠦᠯᠵᠦ ᠦᠷᠭᠦᠯᠵᠢᠯᠡᠨ ᠡᠮᠴᠢᠯᠡᠭᠦᠯᠬᠦ ᠪᠤᠶᠤ ᠭᠡᠷ ᠲᠤ ᠪᠠᠨ ᠡᠮᠴᠢᠯᠡᠭᠦᠯᠵᠦ ᠪᠣᠯᠣᠨ᠎ᠠ᠃ | ᠠᠰᠠᠭᠤᠯᠲᠠ᠄ ᠬᠡᠦᠬᠡᠳ ᠶᠠᠮᠠᠷ ᠢᠯᠡᠷᠡᠯ ᠭᠠᠷᠪᠠᠯ ᠵᠠᠪᠠᠯ ᠡᠮᠨᠡᠯᠭᠡ ᠳᠤ ᠡᠮᠴᠢᠯᠡᠭᠦᠯᠬᠦ ᠬᠡᠷᠡᠭᠲᠡᠢ ᠪᠣᠢ︖ | ᠬᠠᠷᠢᠭᠤᠯᠲᠠ᠄ ᠮᠡᠷᠭᠡᠵᠢᠯᠲᠡᠨ ᠤ ᠰᠠᠨᠠᠭᠤᠯᠭ᠎ᠠ ᠶᠢ ᠦᠨᠳᠦᠰᠦᠯᠡᠪᠡᠯ᠂ ᠬᠡᠦᠬᠡᠳ ᠬᠡᠳᠦ ᠥᠨᠳᠥᠷ ᠬᠠᠯᠠᠭᠤᠷᠠᠬᠤ ᠪᠤᠶᠤ | ᠦᠷᠭᠦᠯᠵᠢᠯᠡᠨ ᠬᠠᠯᠠᠭᠤᠷᠠᠭᠠᠳ ᠭᠤᠷᠪᠠᠨ ᠡᠳᠦᠷ ᠠᠴᠠ ᠬᠡᠲᠦᠷᠡᠭᠰᠡᠨ᠂ ᠪᠠᠶᠢᠨ ᠳᠠᠬᠢᠨ ᠬᠠᠨᠢᠶᠠᠵᠤ ᠬᠡᠪ ᠤᠨ | ᠠᠮᠢᠳᠤᠷᠠᠯ ᠢ ᠨᠢ ᠨᠥᠯᠥᠭᠡᠯᠡᠭᠰᠡᠨ᠂ ᠴᠤᠭ ᠰᠦᠯᠳᠡ ᠮᠠᠭᠤᠲᠠᠢ ᠴᠢᠨᠠᠭᠰᠢᠯᠠᠪᠠᠯ ᠮᠠᠩᠰᠢᠭᠤᠷᠠᠬᠤ᠂ ᠠᠮᠢᠰᠬᠤᠭ᠎ᠠ | ᠳᠠᠪᠬᠤᠴᠠᠬᠤ ᠪᠤᠶᠤ ᠴᠢᠬᠤᠯᠳᠠᠬᠤ᠂ ᠪᠠᠶᠢᠨ ᠳᠠᠬᠢᠨ ᠪᠥᠭᠡᠯᠵᠢᠬᠦ᠂ ᠠᠷᠠᠰᠤᠨ ᠡᠰᠡᠷᠭᠡᠨ᠎ᠡ ᠭᠠᠷᠬᠤ᠂ ᠲᠣᠯᠣᠭᠠᠢ | ᠡᠪᠡᠳᠬᠦ ᠪᠤᠶᠤ ᠲᠠᠲᠠᠪᠠᠯᠵᠠᠬᠤ ᠵᠡᠷᠭᠡ ᠢᠯᠡᠷᠡᠯ ᠲᠠᠢ ᠪᠣᠯ ᠴᠠᠭ ᠲᠤᠬᠠᠢ ᠳᠤ ᠨᠢ ᠡᠮᠴᠢᠯᠡᠭᠦᠯᠪᠡᠯ ᠵᠣᠬᠢᠨ᠎ᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | | | | | | | | | | | | | | | | | | ᠁ |