ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠨᠡᠶᠢᠭᠡᠮᠯᠢᠭ ᠤᠨ ᠨᠡᠶᠢᠲᠡᠯᠡᠭᠰᠡᠨ ᠲᠤᠭ᠎ᠠ | ᠪᠠᠷᠢᠮᠲᠠ ᠠᠴᠠ ᠦᠵᠡᠪᠡᠯ᠂ ᠳᠤᠮᠳᠠᠳᠤ ᠤᠯᠤᠰ ᠤᠨ ᠨᠠᠰᠤᠨ ᠳᠤ ᠭᠦᠷᠦᠭᠰᠡᠳ ᠤᠨ ᠨᠦᠢᠷ ᠬᠤᠯᠵᠢᠬᠤ ᠨᠣᠷᠮ᠎ᠠ 38. | 2% ᠬᠦᠷᠴᠡᠶ᠃ ᠨᠦᠢᠷ ᠬᠤᠯᠵᠢᠪᠠᠯ ᠶᠠᠭᠠᠬᠢᠬᠤ ᠪᠤᠢ︖ ᠬᠡᠷᠬᠢᠨ ᠲᠦᠷᠭᠡᠨ ᠤᠨᠲᠠᠬᠤ ᠪᠣᠢ︖ ᠨᠡᠶᠢᠰᠯᠡᠯ ᠤᠨ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶᠠᠨ ᠤ | ᠤᠨᠲᠠᠯᠭ᠎ᠠ ᠶᠢᠨ ᠠᠨᠠᠭᠠᠬᠤ ᠤᠬᠠᠭᠠᠨ ᠤ ᠲᠥᠪ ᠤᠨ ᠳᠡᠳ᠋ ᠡᠷᠬᠢᠯᠡᠭᠴᠢ ᠡᠮᠴᠢ ᠰᠢ ᠰᠢᠨ ᠢᠯᠡᠷᠬᠡᠶᠢᠯᠡᠬᠦ ᠳᠡᠭᠡᠨ᠂ | ᠨᠦᠢᠷ ᠬᠤᠯᠵᠢᠬᠤ ᠶᠢ ᠵᠠᠭᠠᠭᠯᠠᠨ ᠲᠣᠭᠲᠠᠭᠠᠬᠤ ᠲᠦᠢᠯ ᠤᠨ ᠴᠢᠩᠭ᠎ᠠ ᠪᠠᠷᠢᠮᠵᠢᠶ᠎ᠠ ᠲᠠᠢ ᠪᠠᠶᠢᠳᠠᠭ᠂ ᠰᠠᠶᠢᠨ | ᠰᠠᠶᠢᠬᠠᠨ ᠤᠨᠲᠠᠯᠭ᠎ᠠ ᠶᠢᠨ ᠣᠷᠴᠢᠨ ᠨᠥᠬᠦᠴᠡᠯ ᠲᠠᠢ ᠪᠠᠶᠢᠬᠤ ᠤᠷᠢᠲᠠᠯ ᠲᠤᠤᠷ᠎ᠠ᠂ 30 ᠮᠢᠨᠦ᠋ᠲ ᠦᠩᠭᠡᠷᠡᠳᠡᠯ᠎ᠡ | ᠤᠨᠳᠠᠵᠦ ᠲᠡᠶᠢᠯᠬᠦ ᠦᠬᠡᠢ ᠪᠠᠶᠢᠬᠤ᠂ ᠤᠨᠲᠠᠬᠤ ᠨᠢ ᠰᠡᠷᠭᠡᠭ ᠠᠮᠠᠷᠬᠠᠨ ᠰᠡᠷᠢᠬᠦ᠂ ᠤᠨᠲᠠᠬᠤ ᠴᠠᠭ ᠨᠢ ᠣᠬᠤᠷ | ᠪᠠᠶᠢᠬᠤ ᠡᠪᠡᠳᠴᠢᠨ ᠤ ᠢᠯᠡᠷᠡᠯ ᠭᠠᠷᠪᠠᠯ ᠰᠠᠶ᠋ᠢ ᠨᠦᠢᠷ ᠬᠤᠯᠵᠢᠭᠰᠠᠨ ᠢᠶᠠᠷ ᠣᠨᠣᠰᠢᠯᠠᠵᠤ ᠪᠤᠯᠤᠨ᠎ᠠ᠃ ᠬᠡᠷᠪᠡ | ᠨᠦᠢᠷ ᠬᠤᠯᠵᠢᠬᠤ ᠪᠠᠶᠢᠳᠠᠯ ᠢᠯᠡᠷᠡᠭᠰᠡᠨ ᠪᠣᠯᠪᠠᠴᠤ ᠮᠥᠨ ᠯᠡ ᠣᠷᠣᠨ ᠳᠡᠭᠡᠷ᠎ᠡ ᠪᠠᠨ ᠬᠡᠪᠲᠡᠭᠡᠳ | ᠥᠪᠡᠷ ᠢ ᠪᠠᠨ ᠠᠯᠪᠠᠳᠠᠵᠤ ᠪᠠᠶᠢᠭᠠᠳ ᠤᠨᠲᠠᠭᠤᠯᠪᠠᠯ᠂ ᠮᠠᠰᠢ ᠶᠡᠭᠡ ᠳᠠᠷᠤᠯᠲᠠ ᠲᠠᠢ ᠪᠣᠯᠤᠨ᠎ᠠ᠃ ᠡᠩ ᠤᠨ ᠪᠠᠶᠢᠳᠠᠯ ᠳᠤ᠂ | ᠬᠡᠷᠪᠡ ᠬᠠᠭᠠᠰ ᠴᠠᠭ ᠢᠯᠡᠭᠦᠦ ᠬᠡᠪᠲᠡᠭᠡᠳ ᠪᠠᠰᠠ ᠤᠨᠲᠠᠵᠤ ᠣᠷᠣᠬᠤ ᠦᠭᠡᠢ ᠪᠣᠯ ᠪᠣᠰᠬᠤ ᠶᠢ ᠰᠠᠨᠠᠭᠤᠯᠤᠶ᠎ᠠ᠃ | ᠪᠢᠳᠡ ᠤᠨᠲᠠᠬᠤ ᠪᠠ ᠣᠷᠣ ᠶᠢᠨ ᠬᠤᠭᠤᠷᠣᠨᠳᠣᠬᠢ ᠪᠣᠯᠵᠣᠯᠳᠤ ᠣᠶᠢᠯᠲᠠ ᠶᠢ ᠪᠣᠢ ᠪᠣᠯᠭᠠᠵᠤ᠂ ᠨᠦᠢᠷ ᠬᠦᠷᠬᠦ | ᠦᠶ᠎ᠡ ᠳᠤ ᠨᠣᠶᠢᠷᠰᠤᠬᠤ ᠬᠡᠷᠡᠭᠲᠡᠢ᠂ ᠡᠰᠡ ᠲᠡᠭᠡᠪᠡᠯ ᠣᠷᠣᠨ ᠳᠡᠭᠡᠷ᠎ᠡ ᠪᠠᠨ ᠠᠯᠪᠠᠳᠠᠯᠭ᠎ᠠ ᠪᠠᠷ ᠬᠡᠪᠲᠡᠵᠦ ᠪᠣᠯᠬᠤ | ᠦᠭᠡᠢ᠂ ᠡᠭᠦᠨ ᠤ ᠬᠠᠮᠲᠤ ᠤᠨᠲᠠᠬᠤ ᠲᠠᠢ ᠬᠠᠮᠢᠶ᠎ᠠ ᠦᠭᠡᠢ ᠶᠠᠪᠤᠳᠠᠯ ᠢ ᠬᠢᠵᠦ ᠪᠣᠯᠬᠤ ᠦᠭᠡᠢ᠂ ᠵᠢᠱᠢᠶᠡᠯᠡᠪᠡᠯ ᠭᠠᠷ | ᠤᠲᠠᠰᠤ ᠨᠠᠭᠠᠳᠬᠤ ᠪᠤᠯᠬᠤ ᠦᠬᠡᠢ᠂ ᠶᠠᠭᠤᠮ᠎ᠠ ᠢᠳᠡᠵᠦ ᠪᠣᠯᠬᠤ ᠦᠭᠡᠢ ᠭᠡᠵᠠᠢ᠃ ᠨᠦᠢᠷ ᠬᠤᠯᠵᠢᠬᠤ ᠦᠶ᠎ᠡ ᠳᠤ | ᠣᠯᠠᠩᠬᠢ ᠬᠥᠮᠦᠰ ᠬᠤᠨᠢ ᠲᠤᠭᠠᠯᠠᠳᠠᠭ᠃ ᠦᠨᠡᠨ ᠳᠡᠭᠡᠨ ᠬᠤᠨᠢ ᠲᠣᠭᠠᠯᠠᠬᠤ ᠨᠢ ᠬᠥᠮᠦᠰ ᠲᠤ ᠤᠯᠠᠮ ᠢᠯᠡᠬᠦᠤ | ᠪᠠᠴᠢᠮᠳᠠᠬᠤ ᠰᠡᠳᠬᠢᠯᠭᠡ ᠶᠢ ᠠᠪᠴᠢᠷᠠᠵᠤ᠂ ᠨᠦᠢᠷ ᠬᠤᠯᠵᠢᠬᠤ ᠶᠢ ᠬᠦᠨᠳᠦᠷᠡᠭᠦᠯᠦᠨ᠎ᠡ᠃ ᠰᠢ ᠰᠢᠨ ᠵᠢᠭᠠᠬᠤ ᠳᠠᠭᠠᠨ᠂ | ᠬᠠᠶᠠ ᠨᠦᠢᠷ ᠬᠤᠯᠵᠢᠬᠤ ᠨᠢ ᠬᠥᠮᠦᠨ ᠤ ᠪᠡᠶ᠎ᠡ ᠳᠤ ᠲᠡᠶᠢᠮᠦ ᠶᠡᠭᠡ ᠨᠥᠯᠥᠭᠡ ᠪᠣᠯᠬᠤ ᠥᠬᠡᠶ᠂ ᠡᠶᠢᠮᠦ ᠠᠴᠠ | ᠰᠠᠨᠠᠭᠠᠨ ᠳᠠᠭᠠᠨ ᠠᠪᠤᠭᠰᠠᠨ ᠤ ᠬᠡᠷᠡᠭ ᠥᠬᠡᠶ᠃ ᠬᠡᠷᠪᠡ ᠨᠦᠢᠷ ᠬᠤᠯᠵᠢᠬᠤ ᠳᠤ ᠬᠡᠲᠦᠷᠬᠡᠶ ᠰᠠᠨᠠᠭ᠎ᠠ ᠵᠣᠪᠠᠪᠠᠯ᠂ | ᠭᠡᠳᠡᠷᠭᠦ ᠪᠠᠨ ᠦᠷᠭᠦᠯᠵᠢᠯᠡᠨ ᠨᠦᠢᠷ ᠬᠤᠯᠵᠢᠵᠤ᠂ ᠬᠤᠤᠷ ᠬᠥᠨᠥᠭᠡᠯ ᠤᠴᠠᠷᠠᠭᠤᠯᠬᠤ ᠪᠣᠯᠤᠨ᠎ᠠ᠃ ᠡᠶᠢᠮᠤ ᠨᠢᠭᠡᠨ | ᠬᠥᠳᠡᠯᠭᠡᠭᠡᠨ ᠲᠠᠨ ᠢ ᠬᠤᠷᠳᠤᠨ ᠤᠨᠲᠠᠭᠤᠯᠤᠨ᠎ᠠ ᠃ ᠰᠢᠭᠡᠵᠡᠶ ᠬᠤᠷᠤᠭᠤ ᠪᠠᠷ ᠢᠶᠠᠨ ᠴᠢᠬᠢᠨ ᠤᠨᠵᠢᠯᠭ᠎ᠠ ᠶᠢ ᠲᠠᠷᠤᠵᠦ᠂ | ᠪᠤᠰᠤᠳ ᠬᠡᠳᠦᠨ ᠬᠤᠷᠤᠭᠤ ᠪᠠᠨ ᠠᠶᠠᠨᠳᠠᠭᠠᠨ ᠰᠤᠯᠠ ᠲᠠᠯᠪᠢᠨ᠎ᠠ᠂ ᠡᠨᠡ ᠦᠶ᠎ᠡ ᠳᠤ ᠳᠤᠮᠳᠠ ᠬᠤᠷᠤᠭᠤ ᠴᠢᠨᠢ | ᠤᠨᠲᠠᠭᠤᠯᠬᠤ ᠪᠠᠯᠴᠢᠷ ᠢ ᠳᠠᠷᠤᠬᠤ ᠪᠣᠯᠬᠤᠷ ᠤᠨᠲᠠᠭᠤᠯᠬᠤ ᠪᠠᠯᠴᠢᠷ ᠨᠢ ᠱᠠᠷᠬᠢᠷᠠᠵᠤ ᠴᠢᠨᠦᠷᠡᠬᠦ ᠮᠡᠲᠦ | ᠰᠠᠨᠠᠭᠳᠠᠵᠤ᠂ ᠵᠢᠭᠠᠬᠠᠨ ᠳᠠᠷᠤᠭᠰᠠᠨ ᠤ ᠳᠠᠷᠠᠭ᠎ᠠ ᠨᠤᠶᠢᠷ ᠬᠦᠷᠴᠦ ᠡᠬᠢᠯᠡᠳᠡᠭ ᠶᠤᠮ ᠭᠡᠵᠠᠢ᠃ | | | | |