ᠬᠤᠳᠣᠭᠤᠳᠤ ᠶᠢ ︽  ᠬᠥᠭᠰᠢᠷᠡᠭᠦᠯᠦᠭᠴᠢ ︾ — ᠳᠠᠪᠤᠰᠤ ᠶᠡᠬᠡᠲᠡᠶ ᠢᠳᠡᠭᠡᠨ
ᠨᠡᠶᠢᠲᠡᠯᠡᠭᠰᠡᠨ ᠴᠠᠭ᠄
2023/12/26
      ᠳᠠᠪᠤᠰᠤ ᠶᠡᠬᠡᠲᠡᠶ ᠢᠳᠡᠭᠡᠨ ᠤᠮᠳᠠᠭᠠᠨ ᠤ ᠬᠤᠣᠷ ᠬᠥᠨᠥᠭᠡᠯ ᠨᠢ ᠵᠥᠪᠬᠡᠨ ᠴᠢᠰᠤᠨ ᠳᠠᠷᠤᠯᠲᠠ ᠶᠢ ᠦᠨᠳᠦᠷ  ᠪᠣᠯᠭᠠᠬᠤ ᠲᠡᠳᠦᠢ ᠪᠢᠰᠢ᠂ ᠬᠤᠳᠣᠭᠤᠳᠣᠨ ᠤ ᠦᠷᠪᠢᠰᠦᠯ ᠤᠨ ᠡᠭᠦᠰᠦᠯᠲᠡ ᠨᠢ ᠴᠦ ᠳᠠᠪᠤᠰᠤ ᠶᠡᠬᠡᠲᠡᠶ ᠢᠳᠡᠭᠡᠨ  ᠤᠮᠳᠠᠭᠠᠨ ᠲᠠᠢ ᠨᠢᠭᠲᠠ ᠬᠠᠷᠢᠴᠠᠭ᠎ᠠ ᠲᠠᠢ ᠪᠠᠶᠢᠳᠠᠭ᠃        ᠳᠠᠪᠤᠰᠤ ᠶᠢ ᠬᠡᠲᠦᠷᠬᠡᠶ ᠠᠷᠪᠢᠨ ᠰᠢᠩᠭᠡᠭᠡᠪᠡᠯ ᠬᠤᠳᠣᠭᠤᠳᠣᠨ ᠤ ᠰᠠᠯᠢᠰᠤᠲᠤ ᠪᠦᠷᠬᠦᠪᠴᠢ ᠳᠤ  ᠰᠡᠳᠦᠯᠲᠡ  ᠥᠭᠴᠦ᠂ ᠬᠤᠳᠣᠭᠤᠳᠣᠨ ᠬᠠᠨ᠎ᠠ ᠶᠢᠨ ᠡᠰ ᠢ ᠬᠤᠪᠬᠤᠷᠠᠭᠤᠯᠤᠨ ᠤᠨᠠᠭᠠᠵᠤ ᠮᠡᠳᠡᠨ᠎ᠡ᠃ ᠬᠠᠨ᠎ᠠ ᠶᠢᠨ ᠡᠰ ᠪᠣᠯ ᠬᠤᠳᠣᠭᠤᠳᠣᠨ ᠤ  ᠡᠷᠡᠭᠦᠯ ᠮᠡᠨᠳᠦ ᠶᠢ ᠬᠠᠮᠠᠭᠠᠯᠠᠬᠤ ᠬᠠᠯᠬᠠᠪᠴᠢ ᠮᠥᠨ᠂ ᠬᠡᠷᠪᠡ ᠡᠪᠳᠡᠭᠳᠡᠪᠡᠯ ᠬᠤᠳᠣᠭᠤᠳᠣᠨ ᠤ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠵᠦ᠂ ᠬᠦᠨᠳᠦ ᠨᠣᠴᠢᠲᠠᠶ ᠨᠢ ᠪᠠᠰᠠ ᠬᠤᠳᠣᠭᠤᠳᠣᠨ ᠤ ᠥᠮᠡᠨ ᠢ ᠡᠭᠦᠰᠭᠡᠵᠦ ᠮᠡᠳᠡᠨ᠎ᠡ᠃         ︽ᠳᠤᠮᠳᠠᠳᠤ  ᠤᠯᠤᠰ ᠤᠨ  ᠰᠠᠭᠤᠭᠠᠯᠢ  ᠠᠷᠠᠳ ᠤᠨ  ᠢᠳᠡᠭᠡᠨ ᠤᠮᠳᠠᠭᠠᠨ ᠤ  ᠵᠢᠭᠠᠯᠲᠠ  ︵2022︶︾᠎ ᠶᠢᠨ ᠰᠠᠨᠠᠭᠤᠯᠭ᠎ᠠ ᠶᠢ ᠦᠨᠳᠦᠰᠦᠯᠡᠪᠡᠯ᠂ ᠬᠥᠮᠦᠨ ᠪᠦᠷᠢ ᠶᠢᠨ ᠡᠳᠦᠷ ᠪᠦᠷᠢ ᠶᠢᠨ ᠢᠳᠡᠬᠦ ᠳᠠᠪᠤᠰᠤᠨ ᠤ ᠬᠡᠮᠵᠢᠶ᠎ᠡ ᠨᠢ  5  ᠭᠷᠠᠮ ᠠᠴᠠ ᠪᠠᠭ᠎ᠠ ᠪᠠᠶᠢᠪᠠᠯ ᠵᠣᠬᠢᠨ᠎ᠠ᠃ ᠬᠤᠳᠣᠭᠤᠳᠣᠨ ᠤ ︽ᠥᠲᠡᠯᠬᠦ︾ ᠠᠬᠢᠴᠠ ᠶᠢ ᠤᠳᠠᠭᠠᠰᠢᠷᠠᠭᠤᠯᠤᠶ᠎ᠠ ᠭᠡᠪᠡᠯ ᠵᠠᠪᠠᠯ ᠠᠷᠭ᠎ᠠ  ᠪᠤᠳᠤᠵᠤ ᠳᠠᠪᠤᠰᠤ ᠶᠢ ᠬᠢᠵᠠᠭᠠᠷᠯᠠᠬᠤ ᠬᠡᠷᠡᠭᠲᠡᠶ᠃          ᠨᠣᠭᠤᠭ᠎ᠠ ᠬᠢᠬᠦ ᠳᠡᠭᠡᠨ ᠲᠣᠭᠤᠭᠠᠨ ᠠᠴᠠ ᠪᠠᠨ ᠭᠠᠷᠭᠠᠬᠤ ᠦᠶ᠎ᠡ ᠳᠤ ᠳᠠᠪᠤᠰᠤ ᠬᠢᠬᠦ ᠶᠢ ᠰᠠᠨᠠᠭᠠᠴᠢᠯᠠᠨ᠎ᠠ︔  ᠨᠣᠭᠤᠭ᠎ᠠ ᠬᠢᠬᠦ ᠳᠤ ᠼᠤᠤ ᠪᠠᠷ ᠠᠮᠲᠠ ᠣᠷᠣᠭᠤᠯᠵᠤ  ᠪᠣᠯᠤᠨ᠎ᠠ᠂  ᠤᠴᠢᠷ ᠨᠢ  ᠪᠠᠭ᠎ᠠ  ᠬᠡᠮᠵᠢᠶᠡᠨ ᠤ  ᠼᠤᠤ ᠨᠢ  ᠱᠣᠷᠪᠣᠭ  ᠠᠮᠲᠠ ᠶᠢᠨ ᠠᠮᠲᠠ ᠶᠢ ᠨᠡᠮᠡᠭᠳᠡᠭᠦᠯᠳᠡᠭ᠃ ᠪᠠᠰᠠ ᠢᠯᠡᠭᠦᠦ ᠰᠢᠭ ᠪᠠᠶᠢᠭᠠᠯᠢᠯᠢᠭ ᠠᠮᠲᠠ ᠣᠷᠣᠭᠤᠯᠬᠤ ᠡᠳ᠋  ᠬᠢᠵᠦ  ᠪᠣᠯᠤᠨ᠎ᠠ᠂  ᠵᠢᠱᠢᠶᠡᠯᠡᠪᠡᠯ ᠦᠨᠦᠷᠲᠦ ᠨᠠᠪᠴᠢ᠂ ᠠᠷᠪᠠᠨ ᠭᠤᠷᠪᠠᠨ ᠦᠨᠦᠷᠲᠦ ᠡᠳ᠋᠂ ᠬᠤᠤᠵᠤᠤ ᠶᠢᠨ ᠨᠤᠨᠲᠠᠭ᠂ ᠬᠤᠸᠠᠵᠤᠤ᠂ ᠰᠣᠩᠭᠢᠨ᠎ᠠ ᠵᠡᠷᠭᠡ᠃         ᠠᠮᠢᠳᠤᠷᠠᠯ ᠳᠤᠮᠳᠠ ᠳᠠᠪᠤᠰᠤᠯᠠᠭᠰᠠᠨ ᠨᠣᠭᠤᠭ᠎ᠠ᠂  ᠳᠠᠷᠤᠰᠢᠯᠠᠭᠰᠠᠨ  ᠨᠣᠭᠤᠭ᠎ᠠ᠂  ᠰᠢᠷ᠎ᠠ  ᠪᠤᠷᠴᠠᠭ ᠤᠨ ᠨᠤᠬᠤᠰᠢ᠂ ᠳ᠋ᠧᠦᠹᠦ᠋ ᠶᠢᠨ ᠰᠦ᠂ ᠳᠠᠪᠤᠰᠤᠯᠠᠭᠰᠠᠨ ᠮᠢᠬ᠎ᠠ᠂ ᠬᠢᠮ᠎ᠠ ᠵᠡᠷᠭᠡ ᠨᠢᠭᠤᠭᠳᠠᠮᠠᠯ ᠳᠠᠪᠤᠰᠤ ᠲᠠᠢ ᠢᠳᠡᠭᠡᠨ ᠢ ᠪᠠᠭ᠎ᠠ ᠢᠳᠡᠵᠦ᠂ ᠨᠣᠭᠤᠭ᠎ᠠ ᠬᠢᠬᠦ ᠳᠤ ᠵᠢᠶᠠᠩᠶ᠋ᠢᠦ ᠬᠢᠪᠡᠯ ᠳᠠᠪᠤᠰᠤ ᠶᠢ ᠪᠠᠭ᠎ᠠ ᠬᠢᠵᠦ᠂ 10ml ᠵᠢᠶᠠᠩᠶ᠋ᠢᠦ ᠳᠤ ᠪᠠᠷᠤᠭ 16g ᠳᠠᠪᠤᠰᠤ ᠠᠭᠤᠯᠳᠠᠭ᠃         ᠡᠭᠦᠨ ᠠᠴᠠ  ᠭᠠᠳᠠᠨ᠎ᠠ᠂  ᠪᠣᠭᠤᠳᠠᠯᠯᠠᠭᠰᠠᠨ  ᠢᠳᠡᠭᠡᠨ ᠢ  ᠬᠤᠳᠠᠯᠳᠤᠨ   ᠠᠪᠬᠤ ᠳᠠᠭᠠᠨ   ᠰᠢᠮ᠎ᠡ   ᠲᠡᠵᠢᠭᠡᠯ ᠤᠨ ᠪᠦᠷᠢᠯᠳᠦᠬᠦᠨ ᠤ ᠬᠦᠰᠦᠨᠦᠭᠲᠦ ᠶᠢ ᠦᠵᠡᠵᠦ᠂ ᠴᠢᠳᠠᠬᠤ ᠶᠢᠨ ᠳᠣᠲᠣᠷ᠎ᠠ ᠳᠠᠪᠤᠰᠤ  ᠶᠡᠬᠡᠲᠡᠶ  ᠢᠳᠡᠭᠡᠨ ᠢ  ᠬᠤᠳᠠᠯᠳᠤᠨ  ᠠᠪᠬᠤ ᠦᠭᠡᠢ᠂ ᠥᠭᠡᠷ᠎ᠡ ᠪᠠᠷ ᠬᠡᠯᠡᠪᠡᠯ ᠨᠠᠲᠷᠢ ᠶᠢᠨ ᠠᠭᠤᠯᠤᠭᠳᠠᠴᠠ ᠨᠢ  800mg/100g  ᠪᠣᠯᠬᠤ ᠢᠳᠡᠭᠡᠨ ᠢ ᠬᠤᠳᠠᠯᠳᠤᠨ ᠠᠪᠬᠤ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号