︽ᠤᠯᠠᠭᠠᠨ ᠪᠤᠭᠴᠤ︾᠎ ᠶᠢᠨ ᠵᠤᠷᠢᠭ ᠰᠠᠨᠠᠭ᠎ᠠ ᠠᠭᠤᠳᠠᠮ ᠲᠠᠮᠠᠴᠢ ᠳᠤ ᠦᠷᠭᠦᠯᠵᠢᠯᠡᠨ᠎ᠡ
ᠨᠡᠶᠢᠲᠡᠯᠡᠭᠰᠡᠨ ᠴᠠᠭ᠄
2023/12/26
   ᠤᠷᠢᠬᠠᠨ ᠬᠠᠪᠤᠷ ᠤᠨ ᠰᠠᠶᠢᠬᠠᠨ ᠴᠠᠭ ᠢ ᠲᠤᠬᠢᠶᠠᠯᠳᠤᠭᠤᠯᠤᠨ᠂ ᠵᠢᠷᠦᠬᠡ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠪᠠᠶᠠᠠᠭᠤᠤᠯ ᠭᠠᠴᠠᠭᠠᠨ ᠤ ︽ᠬᠥᠳᠡᠭᠡ︾ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠠᠴᠠ ᠬᠠᠮᠲᠤᠷᠠᠨ ᠡᠷᠬᠢᠯᠡᠭᠰᠡᠨ ︽ᠤᠯᠠᠭᠠᠨ ᠪᠤᠭᠴᠤ + ᠴᠡᠷᠢᠭ᠂ ᠮᠠᠯᠴᠢᠨ ᠠᠷᠠᠳ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠦᠯ ᠵᠦᠢᠯ ᠤᠨ ᠡᠬᠢᠯᠡᠯᠲᠡ ᠎ ᠶᠢᠨ ᠶᠤᠰᠤᠯᠠᠯ ᠵᠢᠷᠦᠬᠡ ᠪᠠᠯᠭᠠᠰᠤᠨ ᠤ ᠪᠠᠶᠠᠠᠭᠤᠤᠯ ᠭᠠᠴᠠᠭᠠᠨ ᠤ ᠲᠥᠪ ᠲᠤ ᠶᠠᠪᠤᠭᠳᠠᠵᠠᠢ᠃    ᠠᠵᠢᠯᠯᠠᠭ᠎ᠠ ᠳᠤ᠂ ᠤᠯᠠᠭᠠᠨ ᠪᠤᠭᠴᠤ ᠶᠢᠨ ᠵᠤᠷᠢᠭ ᠰᠠᠨᠠᠭ᠎ᠠ ᠶᠢ ᠴᠡᠷᠢᠭ᠂ ᠮᠠᠯᠴᠢᠨ ᠠᠷᠠᠳ ᠲᠤ ᠤᠯᠠᠮᠵᠢᠯᠠᠨ ᠤᠬᠠᠭᠤᠯᠤᠭᠰᠠᠨ ᠤ ᠬᠠᠮᠲᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠠᠮᠢᠶ᠎ᠠ ᠪᠥᠬᠦᠢ ᠰᠤᠷᠤᠯᠴᠠᠬᠤ ᠮᠠᠲ᠋ᠧᠷᠢᠶᠠᠯ ᠂ ᠭᠠᠴᠠᠭ᠎ᠠ ᠲᠤᠰᠬᠤᠨ ᠤ ᠤᠷᠤᠯᠠᠨ ᠭᠦᠢᠴᠡᠳᠬᠡᠵᠦ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ ᠲᠠᠶᠢᠯᠤᠮᠵᠢ᠂ ᠪᠥᠷᠢᠳᠬᠡᠨ ᠳᠠᠩᠰᠠᠯᠠᠬᠤ ᠲᠡᠮᠳᠡᠭᠯᠡᠯ᠂ ᠮᠠᠯ ᠲᠠᠷᠢᠶᠠᠯᠠᠩ ᠤᠨ ᠮᠡᠳᠡᠯᠭᠡ ᠮᠡᠷᠭᠡᠵᠢᠯ ᠤᠨ ᠵᠢᠯᠤᠭᠤᠳᠤᠮᠵᠢ᠂ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠠᠵᠢᠯ ᠤᠨ ᠬᠠᠮᠢᠶ᠎ᠠ ᠪᠥᠬᠦᠢ ᠪᠢᠴᠢᠭ ᠮᠠᠲ᠋ᠧᠷᠢᠶᠠᠯ᠂ ᠡᠮ ᠡᠮᠨᠡᠯᠭᠡ ᠶᠢᠨ ᠳᠠᠭᠠᠳᠬᠠᠯ ᠤᠨ ᠲᠠᠶᠢᠯᠤᠮᠵᠢ ᠵᠡᠷᠭᠡ ᠤᠬᠠᠭᠤᠯᠭ᠎ᠠ ᠶᠢᠨ ᠬᠠᠭᠤᠳᠠᠰᠤ᠂ ᠳᠠᠷᠤᠮᠠᠯ ᠪᠢᠴᠢᠭ ᠢ ᠲᠠᠷᠬᠠᠭᠠᠨ ᠥᠭᠴᠦ᠂ ᠤᠯᠠᠭᠠᠨ ᠪᠤᠭᠴᠤ ᠶᠢᠨ ᠦᠢᠯᠡᠳᠦᠯ ᠢ ᠪᠠᠳᠠᠷᠠᠭᠤᠯᠵᠤ᠂ ᠬᠤᠷᠠᠭᠰᠠᠨ ᠤᠯᠠᠨ ᠲᠥᠮᠡᠨ ᠳᠤ ᠨᠠᠮ ᠵᠠᠰᠠᠭ ᠤᠨ ᠵᠤᠷᠢᠭ ᠰᠠᠨᠠᠭ᠎ᠠ ᠶᠢ ᠤᠯᠠᠮᠵᠢᠯᠠᠨ ᠬᠦᠷᠭᠡᠵᠡᠢ᠃ ᠠᠵᠢᠯᠯᠠᠭ᠎ᠠ ᠨᠢ ᠮᠥᠨ ᠴᠤ ᠭᠠᠴᠠᠭ᠎ᠠ ᠲᠤᠰᠬᠤᠨ ᠤ ︽ᠲᠠᠯ᠎ᠠ ᠨᠤᠲᠤᠭ ᠤᠨ ᠨᠤᠮ ᠤᠨ ᠥᠷᠦᠭᠡ︾᠎ ᠶᠢᠨ ᠢᠳᠡᠪᠬᠢ ᠦᠢᠯᠡᠳᠦᠯ ᠢ ᠪᠠᠳᠠᠷᠠᠭᠤᠯᠬᠤ ᠶᠢ ᠠᠬᠢᠭᠤᠯᠵᠤ᠂ ᠴᠡᠷᠢᠭ ᠠᠷᠠᠳ ᠎ ᠤᠨ ᠨᠤᠮ ᠪᠢᠴᠢᠭ ᠠᠴᠠ ᠠᠷᠢᠭᠤᠨ ᠰᠢᠮ᠎ᠡ ᠬᠦᠷᠲᠡᠵᠦ᠂ ᠨᠤᠮ ᠪᠢᠴᠢᠭ ᠤᠩᠰᠢᠬᠤ ᠰᠠᠶᠢᠬᠠᠨ ᠠᠭᠤᠷ ᠠᠮᠢᠰᠬᠤᠯ ᠪᠢᠯᠬᠠᠭᠤᠯᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号