| ᠳᠡᠯᠭᠡᠷ ᠪᠠᠶᠠᠷᠲᠤ | ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ | ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠣᠭᠠᠲᠤ | ᠤᠷᠤᠯᠳᠤᠭᠠᠨ ᠤ ᠰᠠᠶᠢᠬᠠᠨᠲᠠᠯ᠎ᠠ ᠪᠠᠯᠭᠠᠰᠤᠨ ᠤ ᠪᠠᠶᠠᠨᠬᠠᠩᠭᠠᠢ ᠭᠠᠴᠠᠭᠠᠨ ᠳᠠᠬᠢ ᠬᠤᠪᠢᠶᠠᠷᠢ ᠳᠠᠯᠠᠪᠠᠢ ᠤᠷᠤᠯᠳᠤᠭᠠᠨ | ᠳᠤ ᠳᠡᠯᠭᠡᠭᠳᠡᠭᠰᠡᠨ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠦᠯᠭᠡ ᠠᠵᠢᠯᠯᠠᠭ᠎ᠠ ᠳᠤ ᠦᠩᠭᠡ ᠨᠡᠮᠡᠵᠦ᠂ | ᠨᠠᠭᠠᠳᠤᠮᠴᠢᠨ ᠤᠯᠠᠨ ᠳᠤ ᠳᠠᠭᠠᠰᠢᠶᠠᠭᠳᠠᠯᠠ᠃ | ᠮᠣᠩᠭᠤᠯ ᠭᠡᠷ ᠲᠤ ᠳᠡᠯᠭᠡᠭᠳᠡᠭᠰᠡᠨ᠂ ᠢᠰᠡᠭᠡᠢ ᠤᠷᠠᠯᠠᠯ᠂ ᠬᠠᠳᠬᠤᠮᠠᠯ᠂ ᠠᠷᠠᠰᠤᠨ ᠰᠡᠶᠢᠯᠦᠮᠯᠡᠯ᠂ ᠮᠤᠳᠤᠨ | ᠰᠡᠶᠢᠯᠦᠮᠯᠡᠯ᠂ ᠮᠤᠷᠢ ᠳᠡᠮᠡᠭᠡᠨ ᠤ ᠡᠳ᠋ᠯᠡᠯ ᠵᠡᠷᠭᠡ ᠦᠨᠳᠦᠰᠦᠳᠡᠨ ᠤ ᠭᠠᠷ ᠤᠷᠠᠯᠠᠯ ᠤᠨ ᠪᠦᠲᠦᠭᠡᠯ᠂ ᠤᠯᠠᠮᠵᠢᠯᠡᠯᠳᠤ | ᠪᠠ ᠤᠳᠤ ᠮᠠᠶ᠋ᠢᠭ ᠢ ᠤᠶᠠᠯᠳᠤᠭᠤᠯᠤᠭᠰᠠᠨ ᠴᠡᠪᠡᠷ ᠪᠠᠶᠢᠭᠠᠯᠢᠯᠢᠭ ᠴᠠᠭᠠᠨ ᠢᠳᠡᠭᠡᠨ ᠬᠦᠷᠦᠭᠰᠡᠨ ᠪᠤᠯᠭᠠᠨ ᠤ ᠪᠠᠬ᠎ᠠ | ᠶᠢ ᠳᠠᠳᠠᠨ᠎ᠠ᠃ | ᠬᠠᠳᠬᠤᠮᠠᠯᠴᠢᠨ ᠡᠷᠳᠡᠨᠢᠴᠡᠴᠡᠭ᠄ | ︵ᠭᠠᠷ ᠤᠷᠠᠯᠠᠯ ᠤᠨ ᠪᠦᠲᠦᠭᠡᠯ ᠬᠢᠬᠡᠳ ᠬᠡᠳᠦᠨ ᠵᠢᠯ ᠪᠣᠯᠴᠢᠬᠠᠯ᠎ᠠ᠂ ᠪᠠᠰᠠ ᠲᠣᠭᠲᠠᠭᠰᠠᠨ ᠵᠣᠴᠢᠨ ᠲᠠᠢ᠂ | ᠥᠪᠡᠷ ᠢᠶᠠᠨ ᠴᠦ ᠡᠨᠡ ᠲᠠᠯ᠎ᠠ ᠪᠠᠷ ᠮᠠᠰᠢ ᠰᠣᠨᠢᠷᠬᠠᠯ ᠲᠠᠢ᠂ ᠥᠨᠥᠳᠥᠷ ᠬᠤᠰᠢᠭᠤ ᠰᠣᠶᠣᠯ ᠤᠨ ᠣᠷᠳᠣᠨ ᠤ | ᠵᠤᠬᠢᠶᠠᠨ ᠪᠠᠶᠢᠭᠤᠯᠤᠯᠳᠠ ᠪᠠᠷ ᠤᠷᠤᠯᠳᠤᠭᠠᠨ ᠤ ᠲᠤᠬᠠᠢ ᠶᠢᠨ ᠲᠠᠯᠠᠪᠠᠶ ᠳᠤ ᠢᠷᠡᠵᠦ ᠦᠵᠡᠭᠦᠯᠦᠯᠭᠡ ᠳᠤ | ᠤᠷᠤᠯᠴᠠᠭᠰᠠᠨ ᠢᠶᠠᠨ ᠮᠠᠰᠢ ᠠᠵᠠ ᠲᠠᠢ ᠶᠠᠪᠤᠳᠠᠯ ᠬᠡᠵᠦ ᠪᠤᠳᠤᠵᠤ ᠪᠠᠶᠢᠨ᠎ᠠ᠂ ᠮᠢᠨᠤ ᠡᠳᠡᠭᠡᠷ ᠭᠠᠷ ᠤᠷᠠᠯᠠᠯ ᠤᠨ | ᠪᠦᠲᠦᠭᠡᠭᠳᠡᠬᠦᠨ ᠪᠣᠯ ᠢᠰᠡᠭᠡᠢ ᠪᠠᠷ ᠬᠢᠭᠰᠡᠨ ᠶᠤᠮ᠂ ᠲᠡᠷᠡ ᠨᠢ ᠦᠨᠳᠦᠰᠦᠲᠡᠨ ᠤ ᠪᠦᠯᠬᠦᠮᠳᠡᠯ ᠢ ᠪᠡᠯᠭᠡᠳᠡᠵᠦ | ᠪᠠᠶᠢᠨ᠎ᠠ᠃︶ | ᠲᠣᠰ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠪᠠ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠤ ᠦᠵᠡᠭᠦᠯᠦᠯᠭᠡ ᠨᠢ ᠰᠣᠶᠣᠯ ᠵᠢᠭᠤᠯᠴᠢᠯᠠᠯ ᠤᠨ ᠠᠭᠤᠰᠤᠯᠴᠠᠯ ᠪᠠ ᠰᠣᠶᠣᠯ ᠵᠢᠭᠤᠯᠴᠢᠯᠠᠯ ᠤᠨ | ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ | ᠠᠮᠢᠳᠤᠯᠢᠭᠵᠢᠭᠤᠯᠤᠨ᠂ ᠦᠨᠳᠦᠰᠦᠳᠡᠨ ᠤ ᠦᠪ ᠰᠤᠶᠤᠯ ᠢ ᠤᠯᠠᠮᠵᠢᠯᠠᠨ ᠪᠠᠳᠠᠷᠠᠭᠤᠯᠵᠤ᠂ ᠨᠡᠩ ᠤᠯᠠᠨ ᠬᠦᠮᠦᠰ ᠲᠤ | ᠤᠶᠢᠯᠠᠭᠠᠭᠤᠯᠤᠭᠰᠠᠨ ᠤ ᠬᠠᠮᠳᠤ ᠴᠡᠪᠡᠷ ᠪᠠᠶᠢᠭᠠᠯᠢᠯᠢᠭ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠪᠤᠷᠤᠯᠠᠭᠤᠯᠭ᠎ᠠ ᠶᠢᠨ ᠵᠠᠮ ᠢ ᠦᠷᠭᠡᠳᠭᠡᠨ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠵᠦ᠂ ᠨᠡᠩ ᠤᠯᠠᠨ ᠮᠠᠯᠴᠢᠨ | ᠲᠦᠮᠡᠨ ᠳᠤ ᠳᠠᠭᠤᠷᠢᠶᠠᠯ ᠪᠤᠯᠵᠤ ᠴᠢᠳᠠᠭᠰᠠᠨ ᠪᠠᠶᠢᠨ᠎ᠠ᠃ | |