ᠰᠦᠯᠵᠢᠶᠡᠨ ᠤ ᠰᠢᠯᠢᠳᠡᠭ ᠪᠦᠲᠦᠭᠡᠯ ᠵᠢᠴᠢ ᠰᠦᠯᠵᠢᠶᠡᠨ ᠤ ᠰᠠᠶᠢᠨ ᠬᠡᠷᠡᠭᠯᠡᠭᠴᠢ ᠶᠢ ᠬᠦᠬᠢᠬᠦᠯᠦᠯ᠎ᠡ
ᠨᠡᠶᠢᠲᠡᠯᠡᠭᠰᠡᠨ ᠴᠠᠭ᠄
2023/12/26
                                 ᠳᠡᠯᠭᠡᠷ  ᠰᠠᠨᠢᠴᠢᠷ        ᠰᠢᠯᠢ ᠶᠢᠨ ᠭᠤᠣᠯ ᠤᠨ ︽ᠰᠦᠯᠵᠢᠶ᠎ᠡ ᠪᠠᠷ ᠴᠠᠭ ᠦᠶ᠎ᠡ ᠶᠢᠨ ᠢᠳᠡᠪᠬᠢ ᠬᠦᠴᠦᠨ ᠢ ᠨᠢᠭᠳᠠᠷᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠦᠭᠡᠨ ᠪᠠᠶᠢᠭᠤᠯᠬᠤ ᠳᠤ  ᠭᠡᠷᠡᠯ ᠬᠢᠯᠪᠠᠭ᠎ᠠ ᠨᠡᠮᠡᠷᠢᠯᠡᠰᠦᠭᠡᠢ︾ ᠰᠦᠯᠵᠢᠶᠡᠨ ᠤ ᠰᠢᠯᠢᠳᠡᠭ ᠪᠦᠲᠦᠭᠡᠯ ᠵᠢᠴᠢ 2023 ᠣᠨ ᠤ ︽ᠰᠢᠯᠢ ᠶᠢᠨ ᠭᠤᠣᠯ ᠤᠨ ᠰᠦᠯᠵᠢᠶᠡᠨ ᠤ ᠰᠠᠶᠢᠨ ᠭᠡᠷᠡᠭᠯᠡᠭᠴᠢ︾ ᠶᠢᠨ ᠱᠠᠩᠨᠠᠯ ᠣᠯᠭᠤᠬᠤ ᠶᠣᠰᠣᠯᠠᠯ ᠤᠶᠢᠷ᠎ᠠ ᠳᠤ ᠮᠠᠨ ᠤ ᠬᠤᠰᠢᠭᠤᠨ ᠳᠤ ᠶᠠᠪᠤᠭᠳᠠᠵᠠᠢ᠃        ᠠᠵᠢᠯᠯᠠᠭ᠎ᠠ ᠶᠢ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠭᠤᠣᠯᠯᠠᠨ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠠᠮ ᠵᠠᠭᠤᠴᠢᠯᠠᠭᠤᠷ ᠤᠨ ᠲᠥᠪ ᠠᠴᠠ ᠳᠠᠭᠠᠭᠠᠴᠢᠯᠠᠨ ᠡᠷᠬᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢ ᠾᠧᠦ ᠺᠦᠨ ︵侯昆︶᠂  ᠬᠤᠰᠢᠭᠤ ᠤᠳᠤᠷᠢᠳᠤᠯᠭ᠎ᠠ ᠼᠦᠩ ᠮᠧᠶ᠂ ᠪᠦᠷᠢᠨᠳᠡᠯᠭᠡᠷ᠂ ᠶᠠᠩ ᠵᠠᠨ ᠴᠢᠩ᠂  ᠦᠨᠡᠨᠴᠢ ᠠᠵᠢᠯᠯᠠᠭ᠎ᠠ ᠳᠤ ᠣᠷᠣᠯᠴᠠᠵᠠᠢ᠃        ᠾᠧᠦ ᠺᠦᠨ︵侯昆︶ ᠠᠵᠢᠯᠯᠠᠭ᠎ᠠ ᠳᠤ ᠪᠠᠶᠠᠷ ᠤᠨ ᠶᠠᠷᠢᠶ᠎ᠠ ᠬᠢᠵᠡᠢ᠃        ᠠᠵᠢᠯᠯᠠᠭ᠎ᠠ ᠳᠤ᠂ ᠰᠦᠯᠵᠢᠶᠡᠨ ᠤ ᠰᠢᠯᠢᠳᠡᠭ ᠪᠦᠲᠦᠭᠡᠯ ᠢ ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠳᠡᠯᠡᠵᠦ᠂ ᠰᠢᠯᠢᠳᠡᠭ ᠪᠦᠲᠦᠭᠡᠯ᠂ 2023 ᠣᠨ ᠤ ᠰᠢᠯᠢ ᠶᠢᠨ ᠭᠤᠣᠯ ᠤᠨ ᠰᠦᠯᠵᠢᠶᠡᠨ ᠤ ᠰᠠᠶᠢᠨ ᠭᠡᠷᠡᠭᠯᠡᠭᠴᠢ ᠂ ᠰᠢᠯᠢᠳᠡᠭ ᠰᠦᠯᠵᠢᠶᠡᠨ ᠤ ᠨᠡᠶᠢᠲᠡ ᠶᠢᠨ ᠠᠰᠠᠷᠠᠮᠵᠢ ᠶᠢᠨ ᠬᠡᠷᠡᠭ ᠤᠨ ᠵᠢᠱᠢᠶ᠎ᠡ᠂ ᠰᠢᠯᠢᠳᠡᠭ ᠠᠵᠢᠯᠳᠠᠨ ᠤ ᠲᠤᠮᠳᠠᠬᠢ ᠰᠠᠶᠢᠨ ᠬᠡᠷᠡᠭᠯᠡᠭᠴᠢ ᠵᠡᠷᠭᠡ ᠶᠢ ᠱᠠᠩᠨᠠᠨ ᠬᠦᠬᠢᠬᠦᠯᠵᠦ᠂ ᠱᠠᠩᠨᠠᠯ ᠬᠦᠷᠳᠡᠭᠰᠡᠳ ᠤᠨ ᠲᠥᠯᠥᠭᠡᠯᠡᠭᠴᠢᠳ ᠰᠡᠳᠬᠢᠭᠳᠡᠯ  ᠢᠶᠠᠨ ᠬᠤᠪᠢᠶᠠᠯᠴᠠᠨ᠂ ᠬᠤᠰᠢᠭᠤ ᠤᠯᠠᠭᠠᠨᠮᠥ᠋ᠴᠢᠷ ᠤᠨ ᠳᠤᠭᠯᠠᠭᠴᠢᠳ ᠤᠷᠠᠨ ᠰᠠᠶᠢᠬᠠᠨ ᠤ ᠳᠤᠭᠯᠠᠯᠳᠠ ᠪᠠᠷ ᠢᠶᠠᠨ ᠠᠵᠢᠯᠯᠠᠭ᠎ᠠ ᠶᠢ ᠦᠩᠭᠡᠵᠢᠬᠦᠯᠦᠯ᠎ᠡ᠃        ᠣᠶᠢᠯᠠᠭᠠᠭᠰᠠᠨ ᠢᠶᠠᠷ᠂ 2023 ᠣᠨ ᠤ 4 ᠰᠠᠷ᠎ᠠ ᠠᠴᠠ ᠡᠬᠢᠯᠡᠨ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠨᠢ ᠪᠠᠶᠢᠭᠤᠯᠭ᠎ᠠ ᠨᠢᠭᠡᠴᠡ ᠠᠴᠠ ᠲᠠᠨᠢᠯᠴᠠᠭᠤᠯᠬᠤ᠂ ᠰᠦᠯᠵᠢᠶᠡᠨ ᠤ ᠨᠠᠶᠢᠵᠠ ᠠᠴᠠ ᠲᠠᠨᠢᠯᠴᠠᠭᠤᠯᠬᠤ᠂ ᠬᠤᠪᠢ ᠬᠥᠮᠥᠨ ᠥᠪᠡᠷ ᠢ ᠪᠠᠨ ᠲᠠᠨᠢᠯᠴᠠᠭᠤᠯᠬᠤ ᠵᠡᠷᠭᠡ ᠬᠡᠯᠪᠡᠷᠢ ᠪᠠᠷ ᠳᠠᠮᠵᠢᠨ᠂ ᠨᠡᠶᠢᠲᠡ 183 ᠰᠦᠯᠵᠢᠶᠡᠨ ᠤ ᠰᠢᠯᠢᠳᠡᠭ ᠪᠦᠲᠦᠭᠡᠯ᠂ 34 ᠰᠦᠯᠵᠢᠶᠡᠨ ᠤ ᠰᠠᠶᠢᠨ ᠭᠡᠷᠡᠭᠯᠡᠭᠴᠢ᠂ 60 ᠬᠠᠮᠤᠭ ᠤᠨ ᠨᠥᠯᠥᠭᠡᠯᠡᠬᠦ ᠬᠦᠴᠦᠨ ᠲᠠᠢ ᠲᠠᠪᠴᠠᠩ ᠢ ᠰᠢᠯᠭᠠᠷᠠᠭᠤᠯᠤᠨ᠂ ᠰᠦᠯᠵᠢᠶᠡᠨ ᠤ ᠪᠣᠯᠪᠠᠰᠤᠨ ᠬᠡᠪ ᠵᠠᠩᠰᠢᠯ ᠢ ᠪᠤᠢ ᠪᠤᠯᠭᠠᠵᠦ᠂ ᠪᠥᠬᠦ ᠨᠡᠶᠢᠭᠡᠮ ᠢᠶᠠᠷ ᠢᠶᠠᠨ ᠰᠦᠯᠵᠢᠶᠡᠨ ᠤ ᠰᠠᠶᠢᠨ ᠰᠠᠶᠢᠬᠠᠨ ᠣᠶᠤᠨ ᠰᠠᠨᠠᠭᠠᠨ ᠤ ᠭᠡᠷ ᠣᠷᠣᠨ ᠢ ᠬᠠᠮᠳᠤᠪᠡᠷ ᠪᠠᠶᠢᠭᠤᠯᠬᠤ ᠶᠢ ᠵᠤᠷᠢᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号