ᠮᠠᠨ ᠤ ᠬᠤᠰᠢᠭᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2023/12/26
    ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠰᠤᠷᠭᠠᠭᠤᠯᠢ᠂ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ  ︾ ᠡᠷᠬᠢᠯᠡᠵᠡᠢ᠃     ᠪᠣᠯᠪᠠᠰᠤᠷᠠᠯ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠵᠢᠭᠤᠯᠬᠤ ᠵᠢᠭᠠᠨ ᠰᠤᠳᠤᠯᠬᠤ ᠬᠡᠯᠳᠡᠰ ᠤᠨ ᠡᠷᠬᠢᠯᠡᠭᠴᠢ᠂ ᠳᠡᠳ᠋ ᠫᠷᠤᠹᠧᠰᠰᠤᠷ ᠪᠦᠬᠡ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠤ ᠠᠬᠤᠢ ᠪᠠ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠳᠡᠳ᠋ ᠫᠷᠤᠹᠧᠰᠰᠤᠷ ᠸᠠᠩ ᠴᠠᠭᠠᠨ ᠵᠡᠷᠭᠡ ᠤᠨᠴᠠ ᠤᠷᠢᠭᠰᠠᠨ ᠪᠠᠭᠰᠢ ᠠᠴᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾᠂ ︽ᠠᠮᠢ ᠠᠬᠤᠢ  ᠶᠢ ᠰᠢᠯᠢᠳᠡᠭᠵᠢᠬᠦᠯᠵᠦ᠂ ᠪᠣᠬᠢᠷᠲᠤᠯ ᠦᠭᠡᠢ  ᠬᠦᠭᠵᠢᠯᠳᠡ ᠶᠢ ᠪᠠᠷᠢᠮᠳᠠᠯᠠᠵᠤ᠂ ᠮᠠᠨ ᠤ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠶ᠎ᠠ ︱ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ︾᠂ ︽ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠬᠡᠪ ᠴᠢᠨᠠᠷ ᠢᠶᠠᠨ ᠳᠠᠪᠲᠠᠨ ᠪᠣᠯᠪᠠᠰᠤᠷᠠᠭᠤᠯᠤᠶ᠎ᠠ︾ ᠵᠡᠷᠭᠡ ᠠᠭᠤᠯᠭ᠎ᠠ ᠪᠠᠷ ᠳᠠᠶᠢᠯᠤᠮᠵᠢ ᠬᠢᠵᠡᠢ᠃     ᠪᠤᠯᠪᠠᠰᠤᠷᠠᠯ ᠨᠢ ᠣᠨᠣᠯ ᠤᠨ ᠬᠢᠴᠢᠶᠡᠯᠯᠡᠭᠡ ᠠᠴᠠ ᠭᠠᠳᠠᠨ᠎ᠠ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠣᠭᠤᠷᠢᠨ ᠰᠤᠷᠤᠯᠴᠠᠬᠤ ᠵᠡᠷᠭᠡ ᠭᠡᠯᠪᠡᠷᠢ ᠪᠠᠷ ᠶᠠᠪᠤᠭᠳᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号