ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠭᠡᠷᠡᠭ ᠡᠷᠬᠢᠯᠡᠭᠴᠢᠳ  ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠰᠠᠨ  ᠳᠡᠯᠭᠡᠷ  ᠰᠠᠨᠢᠴᠢᠷ    ᠤᠳᠤᠷᠢᠳᠬᠠᠯ᠄ ᠤᠶᠢᠷ᠎ᠠ ᠶᠢᠨ ᠡᠳᠦᠷ᠂  ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠭᠡᠷᠡᠭ ᠡᠷᠬᠢᠯᠡᠭᠴᠢᠳ ᠤᠨ  ᠬᠤᠶᠠᠳᠤᠭᠠᠷ ᠤᠳᠠᠭᠠᠨ ᠤ ᠬᠤᠷᠠᠯ ᠬᠤᠷᠠᠯᠳᠤᠵᠠᠢ᠃ ᠬᠤᠰᠢᠭᠤ ᠤᠳᠤᠷᠢᠳᠤᠯᠭ᠎ᠠ ᠹᠠᠨ ᠶᠧᠦ ᠴᠢᠶᠠᠩ᠂ ᠰᠠᠶᠢᠨᠴᠤᠭᠳᠤ  ᠵᠢᠴᠢ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠬᠤᠷᠠᠯ ᠳᠤ ᠣᠷᠣᠯᠴᠠᠵᠤ᠂ ᠠᠩᠬᠠᠳᠤᠭᠠᠷ ᠬᠤᠭᠤᠴᠠᠭᠠᠨ ᠤ ᠬᠢᠨᠠᠭᠴᠢᠳ ᠤᠨ ᠵᠥᠪᠯᠡᠯ ᠤᠨ ᠬᠢᠨᠠᠭᠴᠢᠳ ᠬᠤᠷᠠᠯ ᠳᠤ ᠰᠤᠯᠠ ᠣᠷᠣᠯᠴᠠᠪᠠ᠃  ᠲᠠᠶᠢᠯᠪᠤᠷᠢ᠄ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠧᠦ ᠴᠢᠶᠠᠩ ᠬᠤᠷᠠᠯ ᠳᠤ ᠶᠠᠷᠢᠶ᠎ᠠ ᠬᠢᠵᠦ ᠱᠠᠭᠠᠷᠳᠠᠬᠤ ᠳᠤ ᠪᠠᠨ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠵᠤ᠂ ᠰᠢᠨ᠎ᠡ ᠠᠶᠠᠨ ᠵᠠᠮ ᠳᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠡᠭᠦᠷᠭᠡ ᠶᠢᠨ ᠲᠣᠭᠤᠷᠢᠨ ᠳᠤ᠂ ᠬᠠᠷᠢᠭᠤᠴᠠᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ  ᠶᠢ ᠠᠬᠢᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠦᠨ ᠵᠤᠵᠠᠭᠠᠨ ᠬᠥᠮᠥᠡᠯᠢᠭ ᠰᠡᠳᠬᠢᠯᠭᠡ ᠪᠠᠷ ᠠᠵᠢᠯ ᠦᠢᠯᠡᠰ ᠲᠤ ᠣᠷᠣᠯᠴᠠᠵᠤ᠂ ᠢᠷᠡᠭᠡᠳᠦᠢ ᠪᠠᠨ ᠨᠡᠭᠡᠭᠡᠨ᠂ ᠬᠥᠮᠥᠡᠯᠢᠭ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠢ ᠦᠨᠡᠨ ᠰᠡᠳᠬᠢᠯ ᠠᠴᠠ ᠪᠠᠨ ᠬᠠᠶᠢᠷᠠᠯᠠᠨ ᠬᠠᠯᠠᠮᠵᠢᠯᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠦᠢᠯᠡᠰ ᠤᠨ  ᠴᠢᠨᠠᠷᠯᠢᠭ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠳᠡᠢ ᠬᠡᠵᠡᠢ᠃  ᠬᠤᠰᠢᠭᠤ ᠳᠡᠳ᠋ ᠳᠠᠷᠤᠭ᠎ᠠ ᠰᠠᠶᠢᠨᠴᠣᠭᠲᠤ ᠬᠤᠷᠠᠯ ᠳᠤ ᠵᠢᠭᠠᠬᠤ ᠳᠤ ᠪᠠᠨ᠂  ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠬᠡᠷᠡᠭ ᠡᠷᠬᠢᠯᠡᠭᠴᠢᠳ ᠤᠨ ᠬᠠᠮᠲᠤ ᠶᠢᠨ ᠴᠢᠷᠮᠠᠶᠢᠯᠭ᠎ᠠ ᠪᠠ ᠡᠯ᠎ᠡ ᠬᠢᠨᠠᠭᠴᠢᠳ ᠤᠨ ᠬᠢᠨᠠᠯᠲᠠ ᠳᠡᠮᠵᠢᠯᠭᠡ ᠶᠢᠨ ᠳᠣᠣᠷ᠎ᠠ᠂ ︽  ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠵᠤ᠂ ᠡᠩᠬᠡ ᠲᠠᠶᠢᠪᠤᠩ ᠳᠠᠪᠰᠢᠯᠲᠠ ᠶᠢᠨ ᠦᠢᠯᠡᠰ ᠢ ᠠᠬᠢᠭᠤᠯᠬᠤ︾ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ᠂ ᠠᠵᠢᠯ ᠤᠨ ᠰᠡᠳᠬᠢᠮᠵᠢ ᠪᠠᠨ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠰᠢᠨ᠎ᠡ ᠪᠠᠷ ᠡᠭᠦᠳᠴᠦ᠂ ᠡᠷᠡᠯᠬᠡᠭᠯᠡᠨ ᠤᠷᠤᠭᠰᠢᠯᠠᠬᠤ ᠰᠥᠰᠥ ᠵᠣᠷᠢᠭ ᠢᠶᠠᠷ ᠥᠷᠭᠡᠨ ᠣᠯᠠᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠨ᠂ ᠭᠡᠰᠢᠭᠦᠨ᠂ ᠬᠠᠨᠳᠢᠪᠯᠡᠭ᠌ᠴᠢ ᠪᠠ ᠰᠠᠶᠢᠨ  ᠳᠤᠷᠠᠴᠤᠳ ᠢ ᠪᠦᠯᠬᠦᠮᠳᠡᠭᠦᠯᠦᠨ ᠳᠠᠭᠠᠭᠤᠯᠵᠦ᠂ ᠪᠥᠬᠦ ᠬᠤᠰᠢᠭᠤᠨ ᠤ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ᠂ ᠵᠠᠰᠠᠭ ᠤᠨ ᠣᠷᠳᠣᠨ  ᠤ ᠠᠩᠬᠠᠷᠤᠨ ᠬᠠᠯᠠᠮᠵᠢᠯᠠᠵᠤ ᠪᠠᠶᠢᠭ᠎ᠠ ᠮᠠᠰᠢ ᠣᠯᠠᠨ ᠠᠰᠠᠭᠤᠳᠠᠯ᠂ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ᠬᠤᠶᠢᠰᠢᠳᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠠᠵᠠ ᠲᠣᠬᠢᠶᠠᠯ ᠢ ᠠᠮᠵᠢᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠣᠯᠠᠨ ᠲᠦᠮᠡᠨ ᠳᠤ ᠳᠡᠮᠵᠢᠯᠭᠡ ᠦᠵᠡᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠧᠦ ᠴᠢᠶᠠᠩ ᠨᠥᠬᠦᠷ ᠢ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠨᠡᠷ᠎ᠡ ᠬᠦᠨᠳᠦᠲᠦ ᠳᠠᠷᠤᠭ᠎ᠠ ᠶᠢᠨ ᠲᠤᠰᠢᠶᠠᠯ ᠳᠤ ᠤᠷᠢᠵᠤ᠂  ᠬᠤᠰᠢᠭᠤ ᠳᠡᠳ᠋ ᠳᠠᠷᠤᠭ᠎ᠠ ᠰᠠᠶᠢᠨᠴᠣᠭᠲᠤ ᠨᠥᠬᠦᠷ ᠢ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠶᠢᠨ ᠲᠤᠰᠢᠶᠠᠯ ᠳᠤ ᠤᠷᠢᠭᠰᠠᠨ ᠤ ᠬᠠᠮᠳᠤ ᠬᠡᠷᠡᠭ ᠡᠷᠬᠢᠯᠡᠭᠴᠢᠳ  ᠲᠤ ᠳᠤᠬᠢᠷᠠᠭᠤᠯᠤᠯᠳᠠ ᠬᠢᠵᠦ᠂ ᠬᠤᠷᠠᠯ  ᠠᠴᠠ ᠪᠠᠰᠠ᠂ ᠪᠦᠭᠦ ᠬᠤᠰᠢᠭᠤᠨ ᠤ ᠤᠯᠠᠭᠠᠨ ᠵᠠᠭᠠᠯᠮᠠᠶᠢᠲᠠᠨ ᠤ ᠰᠢᠰᠲ᠋ᠧᠮ ᠤᠨ ᠬᠤᠶᠠᠷ ᠵᠢᠯ ᠤᠨ ᠲᠤᠷᠰᠢᠬᠢ ᠠᠵᠢᠯ ᠢ ᠪᠦᠭᠦ ᠲᠠᠯ᠎ᠠ ᠪᠠᠷ ᠳ᠋ᠦᠩᠨᠡᠨ᠂ ᠲᠠᠷᠠᠭᠠᠴᠢ ᠶᠢᠨ ᠠᠵ᠊
ᠨᠡᠶᠢᠲᠡᠯᠡᠭᠰᠡᠨ ᠴᠠᠭ᠄
2023/12/26
    ᠤᠶᠢᠷ᠎ᠠ ᠶᠢᠨ ᠡᠳᠦᠷ᠂  ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠭᠡᠷᠡᠭ ᠡᠷᠬᠢᠯᠡᠭᠴᠢᠳ ᠤᠨ  ᠬᠤᠶᠠᠳᠤᠭᠠᠷ ᠤᠳᠠᠭᠠᠨ ᠤ ᠬᠤᠷᠠᠯ ᠬᠤᠷᠠᠯᠳᠤᠵᠠᠢ᠃ ᠬᠤᠰᠢᠭᠤ ᠤᠳᠤᠷᠢᠳᠤᠯᠭ᠎ᠠ ᠹᠠᠨ ᠶᠧᠦ ᠴᠢᠶᠠᠩ᠂ ᠰᠠᠶᠢᠨᠴᠤᠭᠳᠤ  ᠵᠢᠴᠢ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠬᠤᠷᠠᠯ ᠳᠤ ᠣᠷᠣᠯᠴᠠᠵᠤ᠂ ᠠᠩᠬᠠᠳᠤᠭᠠᠷ ᠬᠤᠭᠤᠴᠠᠭᠠᠨ ᠤ ᠬᠢᠨᠠᠭᠴᠢᠳ ᠤᠨ ᠵᠥᠪᠯᠡᠯ ᠤᠨ ᠬᠢᠨᠠᠭᠴᠢᠳ ᠬᠤᠷᠠᠯ ᠳᠤ ᠰᠤᠯᠠ ᠣᠷᠣᠯᠴᠠᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠧᠦ ᠴᠢᠶᠠᠩ ᠬᠤᠷᠠᠯ ᠳᠤ ᠶᠠᠷᠢᠶ᠎ᠠ ᠬᠢᠵᠦ ᠱᠠᠭᠠᠷᠳᠠᠬᠤ  ᠳᠤ ᠪᠠᠨ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠵᠤ᠂ ᠰᠢᠨ᠎ᠡ ᠠᠶᠠᠨ ᠵᠠᠮ  ᠳᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠡᠭᠦᠷᠭᠡ ᠶᠢᠨ ᠲᠣᠭᠤᠷᠢᠨ ᠳᠤ᠂ ᠬᠠᠷᠢᠭᠤᠴᠠᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ  ᠶᠢ ᠠᠬᠢᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠦᠨ ᠵᠤᠵᠠᠭᠠᠨ ᠬᠥᠮᠥᠡᠯᠢᠭ ᠰᠡᠳᠬᠢᠯᠭᠡ ᠪᠠᠷ ᠠᠵᠢᠯ ᠦᠢᠯᠡᠰ ᠲᠤ ᠣᠷᠣᠯᠴᠠᠵᠤ᠂ ᠢᠷᠡᠭᠡᠳᠦᠢ ᠪᠠᠨ ᠨᠡᠭᠡᠭᠡᠨ᠂ ᠬᠥᠮᠥᠡᠯᠢᠭ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠢ ᠦᠨᠡᠨ ᠰᠡᠳᠬᠢᠯ ᠠᠴᠠ ᠪᠠᠨ ᠬᠠᠶᠢᠷᠠᠯᠠᠨ ᠬᠠᠯᠠᠮᠵᠢᠯᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠦᠢᠯᠡᠰ ᠤᠨ  ᠴᠢᠨᠠᠷᠯᠢᠭ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠳᠡᠢ ᠬᠡᠵᠡᠢ᠃       ᠬᠤᠰᠢᠭᠤ ᠳᠡᠳ᠋ ᠳᠠᠷᠤᠭ᠎ᠠ ᠰᠠᠶᠢᠨᠴᠣᠭᠲᠤ ᠬᠤᠷᠠᠯ ᠳᠤ ᠵᠢᠭᠠᠬᠤ ᠳᠤ ᠪᠠᠨ᠂  ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠬᠡᠷᠡᠭ ᠡᠷᠬᠢᠯᠡᠭᠴᠢᠳ ᠤᠨ ᠬᠠᠮᠲᠤ ᠶᠢᠨ ᠴᠢᠷᠮᠠᠶᠢᠯᠭ᠎ᠠ ᠪᠠ ᠡᠯ᠎ᠡ ᠬᠢᠨᠠᠭᠴᠢᠳ ᠤᠨ ᠬᠢᠨᠠᠯᠲᠠ ᠳᠡᠮᠵᠢᠯᠭᠡ ᠶᠢᠨ ᠳᠣᠣᠷ᠎ᠠ᠂ ︽ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠵᠤ᠂ ᠡᠩᠬᠡ ᠲᠠᠶᠢᠪᠤᠩ ᠳᠠᠪᠰᠢᠯᠲᠠ ᠶᠢᠨ ᠦᠢᠯᠡᠰ ᠢ ᠠᠬᠢᠭᠤᠯᠬᠤ︾ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ᠂ ᠠᠵᠢᠯ ᠤᠨ ᠰᠡᠳᠬᠢᠮᠵᠢ ᠪᠠᠨ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠰᠢᠨ᠎ᠡ ᠪᠠᠷ ᠡᠭᠦᠳᠴᠦ᠂ ᠡᠷᠡᠯᠬᠡᠭᠯᠡᠨ ᠤᠷᠤᠭᠰᠢᠯᠠᠬᠤ ᠰᠥᠰᠥ ᠵᠣᠷᠢᠭ ᠢᠶᠠᠷ ᠥᠷᠭᠡᠨ ᠣᠯᠠᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠨ᠂ ᠭᠡᠰᠢᠭᠦᠨ᠂ ᠬᠠᠨᠳᠢᠪᠯᠡᠭ᠌ᠴᠢ ᠪᠠ ᠰᠠᠶᠢᠨ  ᠳᠤᠷᠠᠴᠤᠳ ᠢ ᠪᠦᠯᠬᠦᠮᠳᠡᠭᠦᠯᠦᠨ ᠳᠠᠭᠠᠭᠤᠯᠵᠦ᠂ ᠪᠥᠬᠦ ᠬᠤᠰᠢᠭᠤᠨ ᠤ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ᠂ ᠵᠠᠰᠠᠭ ᠤᠨ ᠣᠷᠳᠣᠨ  ᠤ ᠠᠩᠬᠠᠷᠤᠨ ᠬᠠᠯᠠᠮᠵᠢᠯᠠᠵᠤ ᠪᠠᠶᠢᠭ᠎ᠠ ᠮᠠᠰᠢ ᠣᠯᠠᠨ ᠠᠰᠠᠭᠤᠳᠠᠯ᠂ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ᠬᠤᠶᠢᠰᠢᠳᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠠᠵᠠ ᠲᠣᠬᠢᠶᠠᠯ ᠢ ᠠᠮᠵᠢᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠣᠯᠠᠨ ᠲᠦᠮᠡᠨ ᠳᠤ ᠳᠡᠮᠵᠢᠯᠭᠡ ᠦᠵᠡᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠧᠦ ᠴᠢᠶᠠᠩ ᠨᠥᠬᠦᠷ ᠢ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠨᠡᠷ᠎ᠡ ᠬᠦᠨᠳᠦᠲᠦ ᠳᠠᠷᠤᠭ᠎ᠠ ᠶᠢᠨ ᠲᠤᠰᠢᠶᠠᠯ ᠳᠤ ᠤᠷᠢᠵᠤ᠂  ᠬᠤᠰᠢᠭᠤ ᠳᠡᠳ᠋ ᠳᠠᠷᠤᠭ᠎ᠠ ᠰᠠᠶᠢᠨᠴᠣᠭᠲᠤ ᠨᠥᠬᠦᠷ ᠢ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠶᠢᠨ ᠲᠤᠰᠢᠶᠠᠯ ᠳᠤ ᠤᠷᠢᠭᠰᠠᠨ ᠤ ᠬᠠᠮᠳᠤ ᠬᠡᠷᠡᠭ ᠡᠷᠬᠢᠯᠡᠭᠴᠢᠳ   ᠲᠤ ᠳᠤᠬᠢᠷᠠᠭᠤᠯᠤᠯᠳᠠ ᠬᠢᠵᠦ᠂ ᠬᠤᠷᠠᠯ ᠠᠴᠠ ᠪᠠᠰᠠ᠂ ᠪᠦᠭᠦ ᠬᠤᠰᠢᠭᠤᠨ ᠤ ᠤᠯᠠᠭᠠᠨ ᠵᠠᠭᠠᠯᠮᠠᠶᠢᠲᠠᠨ ᠤ ᠰᠢᠰᠲ᠋ᠧᠮ ᠤᠨ ᠬᠤᠶᠠᠷ ᠵᠢᠯ ᠤᠨ ᠲᠤᠷᠰᠢᠬᠢ ᠠᠵᠢᠯ ᠢ ᠪᠦᠭᠦ ᠲᠠᠯ᠎ᠠ ᠪᠠᠷ ᠳ᠋ᠦᠩᠨᠡᠨ᠂ ᠲᠠᠷᠠᠭᠠᠴᠢ ᠶᠢᠨ ᠠᠵᠢᠯ ᠢ ᠪᠠᠶᠢᠷᠢᠯᠠᠭᠤᠯᠵᠠᠢ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号