ᠤᠷᠠᠨ ᠰᠠᠶᠢᠬᠠᠨ ᠤ ᠳᠤᠭᠯᠠᠯᠳᠠ ᠪᠠᠷ ᠪᠤᠭᠤᠷᠤᠯᠴᠤᠳ ᠢ ᠪᠠᠶᠠᠰᠬᠠᠯ᠎ᠠ
ᠨᠡᠶᠢᠲᠡᠯᠡᠭᠰᠡᠨ ᠴᠠᠭ᠄
2023/12/26
     ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ  ᠬᠤᠰᠢᠭᠤ ᠤᠯᠠᠭᠠᠨᠮᠦ᠋ᠴᠢᠷ ᠲᠤ ᠬᠦᠨᠵᠡᠭᠡᠶᠢᠷᠡᠨ᠂  ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠲᠠᠢ ᠬᠠᠮᠵᠢᠯᠴᠠᠭ᠎ᠠ ᠰᠤᠯᠢᠯᠴᠠᠭ᠎ᠠ ᠪᠠᠨ ᠠᠬᠢᠭᠤᠯᠤᠨ᠂ ᠬᠠᠮᠳᠤᠪᠡᠷ 2023 ︱ 2024 ᠣᠨ ᠤ ︽ᠵᠠᠭᠤᠨ ᠪᠦᠯᠬᠦᠮ ᠮᠢᠩᠭᠠᠨ ᠳᠠᠯᠠᠪᠤᠷ︾ ᠦᠨᠳᠦᠰᠦᠨ ᠱᠠᠲᠤᠨ ᠳᠤ ᠪᠠᠭᠤᠵᠤ ᠲᠣᠭᠯᠠᠯᠲᠠ ᠭᠠᠷᠭᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠲᠦᠷᠦᠭᠦᠭᠡᠨ᠂ ᠬᠤᠶᠠᠷ ᠤᠯᠠᠭᠠᠨᠮᠦ᠋ᠴᠢᠷ ᠤᠨ ᠬᠠᠮᠳᠤᠷᠠᠭᠰᠠᠨ ᠳᠤᠭᠯᠠᠯᠳᠠ ᠵᠢᠷᠭᠠᠯᠠᠩ ᠨᠠᠰᠤᠳᠠᠶᠢᠴᠤᠳ ᠤᠨ ᠶᠡᠷᠦᠩᠭᠡᠶᠢᠯᠡᠭᠰᠡᠨ ᠠᠰᠠᠷᠠᠮᠵᠢ ᠶᠢᠨ ᠬᠦᠷᠢᠶᠡᠯᠡᠩ ᠤᠨ ᠪᠤᠭᠤᠷᠤᠯᠴᠤᠳ ᠢ ᠪᠠᠶᠠᠰᠬᠠᠯ᠎ᠠ᠃      ᠵᠢᠷᠭᠠᠯᠠᠩ ᠨᠠᠰᠤᠳᠠᠶᠢᠴᠤᠳ ᠤᠨ ᠶᠡᠷᠦᠩᠭᠡᠶᠢᠯᠡᠭᠰᠡᠨ ᠠᠰᠠᠷᠠᠮᠵᠢ ᠶᠢᠨ ᠬᠦᠷᠢᠶᠡᠯᠡᠩ ᠳᠤ᠂  ᠬᠦᠷ ᠪᠠᠶᠠᠷ ᠢᠶᠠᠷ ᠲᠦᠭᠦᠷᠡᠩ᠂ ᠬᠠᠯᠠᠭᠤᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠨ᠂ ᠦᠷᠭᠡᠨ ᠤᠯᠠᠨ ᠪᠤᠭᠤᠷᠤᠯᠴᠤᠳ ᠲᠤ ᠲᠦᠷᠦ ᠶᠢᠨ ᠪᠤᠳᠤᠯᠭ᠎ᠠ ᠶᠢ ᠳᠠᠮᠵᠢᠭᠤᠯᠤᠨ᠂  ᠪᠠᠶᠠᠷ ᠪᠠᠶᠠᠰᠤᠯ ᠪᠠ ᠪᠤᠯᠪᠠᠰᠤᠨ ᠢ ᠬᠦᠷᠭᠡᠵᠦ᠂  ᠤᠷᠳᠤ ᠶᠢᠨ ᠳᠠᠭᠤᠨ ᠤ ᠰᠢᠷᠤᠩᠬᠠᠢ᠂ ᠤᠷᠠᠨ ᠪᠦᠵᠢᠭ ᠤᠨ ᠬᠦᠳᠡᠯᠦᠯ᠂ ᠬᠤᠭᠤᠷ ᠬᠦᠭᠵᠢᠮ ᠤᠨ ᠠᠶᠠᠯᠭᠤ ᠡᠭᠡᠰᠢᠭ ᠢᠶᠠᠷ ᠨᠠᠰᠤᠳᠠᠶᠢᠴᠤᠳ ᠤᠨ ᠪᠠᠶᠠᠷ ᠤᠨ ᠮᠠᠩᠨᠠᠢ ᠶᠢ ᠳᠡᠨᠡᠶᠢᠯᠬᠡᠨ᠂ ᠨᠡᠶᠢᠬᠡᠮ ᠨᠡᠶᠢᠳᠡ ᠶᠢᠨ ᠬᠠᠯᠠᠭᠤᠨ ᠳᠤᠯᠠᠭᠠᠨ ᠢ ᠮᠡᠳᠡᠷᠡᠭᠦᠯᠦᠯ᠎ᠡ᠃     ᠰᠤᠷᠪᠤᠯᠵᠢᠯᠠᠭ᠎ᠠ᠄ ᠵᠠᠩ ᠢᠦᠢ ᡁᠢ ᠨᠠᠰᠤᠳᠠᠨ ︵ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠪᠣᠯᠣᠨ ᠬᠤᠰᠢᠭᠤ ᠤᠯᠠᠭᠠᠨᠮᠥ᠋ᠴᠢᠷ ᠲᠤ ᠲᠠᠯᠠᠷᠬᠠᠵᠤ ᠪᠠᠶᠢᠨ᠎ᠠ᠂ ᠮᠠᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠲᠣᠭᠯᠠᠯᠲᠠ ᠭᠠᠷᠭᠠᠭᠰᠠᠨ ᠳᠤ ᠪᠢᠳᠡ ᠲᠤᠶᠢᠯ ᠢᠶᠠᠷ ᠪᠠᠶᠠᠷᠯᠠᠵᠤ ᠪᠠᠶᠢᠨ᠎ᠠ᠃ ᠲᠤᠩ ᠰᠠᠶᠢᠨ ᠳᠤᠭᠯᠠᠵᠤ ᠪᠠᠶᠢᠨ᠎ᠠ᠂ ᠠᠭᠤᠯᠭ᠎ᠠ ᠨᠢ ᠴᠦ ᠪᠠᠶᠠᠯᠢᠭ᠂ ᠲᠠ ᠨᠠᠷ ᠵᠦᠳᠡᠷᠡᠯ᠎ᠡ︶     1957 ᠣᠨ ᠳᠤ ᠤᠤᠭᠠᠨ ᠤᠯᠠᠭᠠᠨᠮᠥ᠋ᠴᠢᠷ ᠪᠠᠶᠢᠭᠤᠯᠤᠭᠳᠠᠭᠰᠠᠨ ᠠᠴᠠ ᠤᠳᠤ ᠪᠣᠯᠲᠠᠯ᠎ᠠ᠂ ᠬᠡᠳᠦᠨ ᠦᠶ᠎ᠡ  ᠶᠢᠨ  ᠲᠤᠭᠯᠠᠭᠴᠢᠳ ᠢᠮᠠᠭᠲᠠ ︽ᠥᠷᠭᠡᠨ ᠤᠯᠠᠨ ᠮᠠᠯᠴᠢᠨ ᠲᠠᠷᠢᠶᠠᠴᠢᠨ ᠳᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠬᠦ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠬᠤ︾ ᠪᠠᠷ ᠡᠭᠦᠷᠭᠡ ᠪᠠᠨ ᠪᠣᠯᠭᠠᠵᠤ᠂ ᠤᠳᠬ᠎ᠠ ᠤᠷᠠᠯᠢᠭ ᠤᠨ ᠰᠤᠳᠤᠨ ᠪᠦᠲᠦᠭᠡᠯ ᠂ ᠨᠠᠮ ᠤᠨ ᠤᠨᠤᠯ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠨᠳᠦᠰᠦᠨ ᠱᠠᠳᠤᠨ ᠳᠤ ᠬᠦᠷᠭᠡᠵᠦ᠂ ᠤᠯᠠᠨ ᠲᠦᠮᠡᠨ ᠳᠤ ᠦᠢᠯᠡᠴᠢᠯᠡᠬᠦ ᠤᠯᠠᠮᠵᠢᠯᠠᠯ ᠢᠶᠠᠨ ᠪᠠᠷᠢᠮᠳᠠᠯᠠᠨ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠤ᠂ ᠤᠯᠠᠭᠠᠨᠮᠥ᠋ᠴᠢᠷ ᠤᠨ ᠲᠤᠭᠯᠠᠭᠴᠢᠳ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ︽ᠰᠤᠷᠤᠯᠴᠠᠬᠤ᠂ ᠡᠭᠦᠳᠬᠦ᠂ ᠲᠣᠭᠯᠠᠬᠤ︾ ᠳᠤᠮᠳᠠ ᠲᠠᠰᠤᠷᠠᠯᠲᠠ ᠦᠭᠡᠢ ᠬᠦᠴᠦ ᠣᠷᠣᠭᠤᠯᠵᠤ᠂ ᠤᠮᠠᠷᠠᠲᠤ ᠶᠢᠨ ᠰᠣᠶᠣᠯ ᠢ ᠪᠠᠳᠠᠷᠠᠭᠤᠯᠵᠤ᠂ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠳᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠳᠤᠳᠬᠠᠨ ᠤᠷᠤᠭᠰᠢᠯᠠᠵᠤ ᠪᠠᠶᠢᠨ᠎ᠠ  ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号