ᠰᠤᠷᠤᠭᠴᠢᠳ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠳᠤᠯ᠎ᠠ
ᠨᠡᠶᠢᠲᠡᠯᠡᠭᠰᠡᠨ ᠴᠠᠭ᠄
2023/12/26
   ᠮᠠᠨ ᠤ ᠬᠤᠰᠢᠭᠤᠨ ᠤ ᠡᠯ᠎ᠡ ᠴᠡᠴᠡᠷᠯᠢᠭ᠂ ᠪᠠᠭ᠎ᠠ ᠰᠤᠷᠭᠠᠭᠤᠯᠢ ᠦᠪᠡᠷᠮᠢᠴᠡ ᠤᠨᠴᠠᠯᠢᠭ ᠲᠠᠢ ᠠᠩᠬᠠᠨ ᠤ ᠬᠢᠴᠢᠶᠡᠯ ᠢᠶᠠᠷ ᠢᠶᠠᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠪᠠᠶᠠᠷ ᠬᠦᠷ ᠲᠠᠢ ᠤᠭᠳᠤᠨ᠂ ᠡᠷᠳᠡᠮ ᠤᠨ ᠶᠡᠭᠡ  ᠶᠢ ᠰᠤᠷᠬᠤ ᠬᠦᠰᠡᠯ ᠮᠦᠷᠦᠭᠡᠳᠦᠯ ᠳᠤ ᠪᠠᠨ ᠬᠦᠳᠦᠯᠦᠭᠳᠡᠭᠰᠡᠨ ᠬᠡᠦᠬᠡᠳ ᠤᠳ ᠰᠤᠷᠭᠠᠭᠤᠯᠢ ᠶᠢᠨ ᠬᠦᠷᠢᠶᠡᠨ ᠳᠤ  ᠪᠠᠨ ᠪᠤᠴᠠᠯ᠎ᠠ᠃    2 ᠰᠠᠷ᠎ᠠ ᠶᠢᠨ 28 ᠤ ᠦᠷᠯᠦᠭᠡ᠂ ᠬᠤᠰᠢᠭᠤ ᠨᠠᠷᠠᠨᠪᠤᠯᠠᠭ ᠬᠡᠦᠬᠡᠳ ᠤᠨ ᠴᠡᠴᠡᠷᠯᠢᠭ ᠤᠨ ᠪᠠᠭᠰᠢᠨᠠᠷ ᠬᠡᠦᠬᠡᠯᠳᠡᠢ  ᠶᠢᠨ ᠲᠦᠷᠢ ᠪᠠᠷ ᠬᠤᠪᠴᠠᠰᠤᠯᠠᠨ ᠬᠦᠭᠡᠷᠦᠬᠦᠨ ᠪᠦᠦᠪᠡᠢ ᠨᠠᠷ ᠢᠶᠠᠨ ᠪᠠᠶᠠᠷᠯᠠᠨ ᠤᠭᠳᠤᠵᠤ᠂ ᠮᠤᠩᠭᠤᠯ ᠢᠶᠠᠷ ᠢᠶᠠᠨ ᠭᠤᠶᠤᠭᠰᠠᠨ ᠪᠢᠴᠢᠬᠠᠨ ᠪᠦᠦᠪᠡᠢ ᠨᠠᠷ ᠰᠢᠨ᠎ᠡ ᠵᠢᠯ ᠤᠨ ︽ᠡᠪᠦᠷ ᠪᠤᠤᠪᠤ︾ ᠪᠠᠭᠰᠢ ᠠᠴᠠ ᠪᠠᠨ ᠭᠠᠷᠳᠠᠨ ᠪᠠᠶᠠᠷᠯᠠᠵᠠᠭᠠᠵᠤ᠂ ᠠᠭᠤᠯᠵᠠᠭ᠎ᠠ ᠦᠬᠡᠢ ᠤᠳᠠᠭᠰᠠᠨ ᠪᠠᠭᠰᠢ ᠰᠤᠷᠤᠭᠴᠢᠳ ᠴᠡᠴᠡᠷᠯᠢᠭ ᠤᠨ ᠡᠭᠦᠳᠡᠨ ᠳᠤ ᠳᠡᠪᠡᠷᠢᠯᠳᠦᠨ ᠠᠭᠤᠯᠵᠠᠯᠳᠤᠨ᠎ᠠ᠃ ᠦᠩᠭᠡᠳᠦ ᠪᠦᠮᠪᠦᠯᠢᠭ ᠢᠶᠠᠷ ᠴᠢᠮᠡᠭᠰᠡᠨ ᠠᠩᠭᠢ ᠶᠢᠨ ᠭᠡᠷ ᠲᠤ ᠬᠠᠯᠠᠭᠤᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠨ᠂ ᠴᠠᠭᠠᠨ ᠢᠳᠡᠭᠡ᠂ ᠰᠢᠬᠢᠷ ᠵᠢᠮᠢᠰ ᠳᠠᠪᠠᠭᠯᠠᠨ ᠳᠠᠯᠪᠢᠵᠤ᠂ ᠬᠡᠦᠬᠡᠳ  ᠤᠳ ᠬᠠᠳᠠᠭ ᠪᠠᠷᠢᠨ ᠪᠠᠭᠰᠢᠨᠠᠷ ᠲᠠᠢ ᠪᠠᠨ ᠵᠤᠯᠭᠠᠵᠤ᠂ ᠤᠯᠠᠮᠵᠢᠯᠠᠯᠳᠤ ᠵᠠᠩ ᠦᠢᠯᠡ ᠶᠢ ᠤᠴᠢᠷᠯᠠᠨ ᠰᠤᠷᠭᠠᠭᠰᠠᠨ ︽ᠰᠢᠨ᠎ᠡ ᠶᠢᠨ ᠵᠤᠯᠭᠠᠯᠳᠠ︾ ᠪᠠᠶᠠᠷ ᠬᠦᠷ ᠲᠠᠢ ᠶᠠᠪᠤᠭᠳᠠᠨ᠎ᠠ᠃    ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠬᠤᠶᠠᠳᠤᠭᠠᠷ ᠠᠩᠭᠢ ︽ᠠᠮᠤᠷ ᠲᠦᠪᠰᠢᠨ︾ ᠪᠠ ︽ᠣᠷᠴᠢᠨ ᠲᠣᠭᠤᠷᠢᠨ︾ ᠭᠡᠬᠦ ᠭᠤᠤᠯ ᠰᠡᠳᠦᠪᠳᠦ ᠠᠩᠬᠠᠨ ᠤ ᠬᠢᠴᠢᠶᠡᠯ ᠤᠷᠤᠵᠤ᠂ ᠺᠠᠷᠲ᠋ᠣᠨ ᠪᠢᠴᠢᠯᠭᠡ ᠦᠵᠡᠬᠦᠯᠬᠦ᠂ ᠬᠡᠷᠡᠭ ᠤᠨ ᠵᠢᠱᠢᠶ᠎ᠡ ᠳᠠᠶᠢᠯᠪᠤᠷᠢᠯᠠᠬᠤ᠂ ᠠᠰᠠᠭᠤᠯᠲᠠ ᠠᠰᠠᠭᠤᠬᠤ ᠵᠡᠷᠭᠡ ᠬᠡᠯᠪᠡᠷᠢ ᠪᠠᠷ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠤᠷᠭᠠᠭᠤᠯᠢ ᠶᠢᠨ ᠭᠠᠳᠠᠨᠠᠬᠢ ᠠᠮᠤᠷ ᠲᠦᠪᠰᠢᠨ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠡᠳᠦᠷ ᠳᠤᠳᠤᠮ ᠤᠨ ᠮᠡᠳᠡᠯᠭᠡ ᠶᠢ ᠠᠮᠢᠳᠤᠯᠢᠭ ᠢᠶᠠᠷ ᠲᠠᠶᠢᠯᠪᠤᠷᠢᠯᠠᠨ ᠥᠭᠴᠦ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠬᠦᠯᠦᠯ᠎ᠡ᠃       ᠮᠠᠨ ᠤ ᠬᠤᠰᠢᠭᠤᠨ ᠤ ᠡᠯ᠎ᠡ ᠰᠤᠷᠭᠠᠭᠤᠯᠢ  ᠴᠡᠴᠡᠷᠯᠢᠭ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ︾᠂ ︽ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ︾᠂ ︽ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠠᠬᠢᠯᠭ᠎ᠠ ᠳᠦᠷᠢᠮ ᠢ ᠳᠠᠬᠢᠨ ᠰᠠᠨᠠᠭᠠᠯᠵᠠᠬᠤ︾᠂ ︽ᠰᠢᠨ᠎ᠡ ᠰᠤᠷᠤᠯᠭ᠎ᠠ ᠶᠢᠨ ᠬᠤᠭᠤᠴᠠᠭ᠎ᠠ ᠰᠢᠨ᠎ᠡ ᠲᠥᠯᠥᠪᠯᠡᠭᠡ︾᠂ ︽ᠬᠠᠪᠤᠷ ᠤᠨ ᠤᠯᠠᠷᠢᠯ ᠤᠨ ᠦᠷᠭᠦᠯᠵᠢ ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ︾ ᠵᠡᠷᠭᠡ ᠣᠯᠠᠨ ᠲᠠᠯ᠎ᠠ ᠪᠠᠷ ᠬᠢᠴᠢᠶᠡᠯ ᠬᠦᠮᠦᠵᠢᠯ ᠪᠡᠯᠡᠳᠬᠡᠨ ᠳᠤᠬᠢᠷᠠᠭᠤᠯᠵᠤ᠂ ᠨᠠᠮ ᠰᠡᠯᠡᠭᠦᠨ ᠪᠠᠶᠢᠭᠰᠠᠨ ᠰᠤᠷᠭᠠᠭᠤᠯᠢ ᠶᠢᠨ ᠬᠦᠷᠢᠶᠡᠨ ᠳᠤ ᠠᠩᠬᠠᠨ ᠤ ᠬᠢᠴᠢᠶᠡᠯ ᠤᠨ ᠠᠭᠤᠷ ᠠᠮᠢᠰᠬᠤᠯ ᠢᠶᠠᠷ ᠲᠦᠭᠦᠷᠡᠩ ᠪᠠᠶᠢᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号