ᠮᠠᠨ ᠤ ᠬᠤᠰᠢᠭᠤ ᠪᠥᠬᠦ ᠤᠯᠤᠰ ᠤᠨ ︽ᠴᠢᠬᠢ ᠪᠠᠨ ᠬᠠᠮᠠᠭᠠᠯᠠᠬᠤ ᠡᠳᠦᠷ︾ ᠤᠨ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2023/12/26
ᠮᠠᠨ ᠤ ᠬᠤᠰᠢᠭᠤ ᠪᠥᠬᠦ ᠤᠯᠤᠰ ᠤᠨ ︽ᠴᠢᠬᠢ ᠪᠠᠨ ᠬᠠᠮᠠᠭᠠᠯᠠᠬᠤ ᠡᠳᠦᠷ︾ ᠤᠨ ᠠᠵᠢᠯᠯᠠᠭ᠎ᠠ ᠦᠷᠨᠢᠭᠦᠯᠦᠭᠰᠡᠨ                              ᠢᠷᠠᠭᠤᠬᠠᠨ    2023 ᠣᠨ ᠤ 3 ᠰᠠᠷ᠎ᠠ ᠶᠢᠨ 3 ᠤ ᠡᠳᠦᠷ ᠪᠣᠯ ᠬᠤᠷᠢᠨ ᠳᠥᠷᠪᠡᠳᠡᠬᠢ ᠪᠥᠬᠦ ᠤᠯᠤᠰ ᠤᠨ ᠴᠢᠬᠢ ᠪᠠᠨ ᠬᠠᠮᠠᠭᠠᠯᠠᠬᠤ ᠡᠳᠦᠷ ᠪᠣᠯᠤᠨ᠎ᠠ᠂ ᠰᠣᠨᠣᠷ ᠤᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠰᠣᠨᠣᠷ ᠤᠨ ᠡᠷᠡᠭᠦᠯ ᠮᠡᠨᠳᠦ ᠶᠢᠨ ᠤᠬᠠᠮᠰᠠᠷ ᠢ  ᠴᠢᠩᠭᠠᠳᠬᠠᠵᠤ᠂ ︽ᠤᠯᠤᠰ ᠤᠨ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠠᠵᠢᠯᠯᠠᠭᠠᠨ ᠤ ᠲᠥᠯᠥᠪᠯᠡᠭᠡ ︵2021 —2025 ᠣᠨ︶︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 2 ᠤᠨ ᠡᠳᠦᠷ᠂ ᠬᠤᠰᠢᠭᠤ ᠵᠡᠮᠳᠡᠭᠴᠦᠳ ᠤᠨ ᠬᠤᠯᠪᠣᠭᠠᠲᠤ ᠬᠤᠷᠠᠯ ︽ᠰᠢᠨᠵᠢᠯᠡᠬᠦ ᠤᠬᠠᠭᠠᠨᠴᠢ ᠪᠠᠷ ᠴᠢᠬᠢ ᠪᠠᠨ ᠬᠠᠶᠢᠷᠠᠯᠠᠨ ᠬᠠᠮᠠᠭᠠᠯᠠᠵᠤ᠂ ᠰᠠᠨᠠᠭᠠᠴᠢᠯᠠᠭ᠎ᠠ ᠲᠠᠢ ᠪᠠᠷ ᠡᠷᠡᠭᠦᠯ ᠴᠢᠬᠢᠷᠠᠭ ᠢ ᠪᠡᠶᠡᠯᠡᠭᠦᠯᠬᠦ︾ ᠭᠤᠤᠯ ᠰᠡᠳᠦᠪᠲᠦ ᠪᠥᠬᠦ ᠤᠯᠤᠰ ᠤᠨ ︽ᠴᠢᠬᠢ ᠪᠠᠨ ᠬᠠᠮᠠᠭᠠᠯᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠵᠢᠴᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠠᠬᠤᠢ ᠲᠠᠯᠠᠪᠠᠢ ᠳᠤ ᠠᠰᠠᠭᠤᠨ ᠯᠠᠪᠯᠠᠬᠤ ᠲᠠᠶᠢᠰᠠ ᠪᠠᠶᠢᠭᠤᠯᠵᠤ᠂ ᠴᠢᠬᠢᠨ ᠤ ᠰᠠᠯᠠᠭᠠᠨ ᠤ ᠲᠤᠰᠬᠠᠢ ᠮᠡᠷᠭᠡᠵᠢᠯᠲᠡᠨ ᠰᠠᠭᠤᠭᠠᠯᠢ ᠠᠷᠠᠳ ᠲᠤ ᠴᠢᠬᠢᠨ ᠤ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠨ ᠥᠭᠬᠦ ᠶᠢᠨ ᠬᠠᠮᠲᠤ ᠠᠯᠪᠠᠨ ᠵᠢᠷᠤᠮ ᠤᠨ ᠡᠮᠴᠢᠯᠡᠭᠡ ᠬᠢᠵᠦ᠂ ᠲᠤᠬᠠᠢ ᠶᠢᠨ ᠲᠠᠯᠠᠪᠠᠢ ᠳᠤ ᠪᠠᠶᠢᠭ᠎ᠠ ᠰᠠᠭᠤᠭᠠᠯᠢ ᠠᠷᠠᠳ ᠲᠤ ᠠᠩᠬ᠎ᠠ ᠠᠯᠬᠤᠮ ᠤᠨ ᠪᠠᠶᠢᠴᠠᠭᠠᠯᠲᠠ ᠬᠢᠭᠰᠡᠨ ᠤ ᠬᠠᠮᠲᠤ ᠲᠡᠳᠡᠨ ᠢ ᠲᠣᠭᠲᠠᠭᠰᠠᠨ ᠬᠤᠭᠤᠴᠠᠭ᠎ᠠ ᠲᠠᠢ  ᠪᠠᠷ ᠰᠣᠨᠣᠰᠬᠤ ᠴᠢᠳᠠᠪᠤᠷᠢ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠰᠤᠨᠤᠰᠬᠤ ᠴᠢᠳᠠᠪᠤᠷᠢ ᠬᠡᠪ ᠤᠨ ᠪᠤᠰᠤ ᠪᠠᠶᠢᠬᠤ ᠶᠢ ᠮᠡᠳᠡᠭᠰᠡᠨ ᠦᠶᠡᠰ᠂ ᠰᠠᠨᠠᠭᠠᠴᠢᠯᠠᠭ᠎ᠠ ᠠᠴᠠ ᠪᠠᠨ ᠡᠪᠡᠳᠴᠢᠨ ᠦᠵᠡᠭᠦᠯᠵᠦ ᠰᠣᠨᠣᠰᠬᠤ ᠴᠢᠳᠠᠪᠤᠷᠢ ᠶᠢᠨ ᠠᠨᠠᠭᠠᠬᠤ ᠤᠬᠠᠭᠠᠨ ᠤ ᠣᠨᠣᠰᠢᠯᠠᠯᠲᠠ ᠶᠢ ᠬᠦᠯᠢᠶᠡᠨ ᠠᠪᠴᠤ᠂ ᠡᠮᠴᠢᠯᠡᠭᠡ ᠪᠠ ᠡᠷᠡᠭᠦᠯᠵᠢᠯ ᠢ ᠢᠳᠡᠪᠬᠢᠲᠡᠢ ᠤᠶᠠᠯᠳᠤᠭᠤᠯᠤᠨ᠂ ᠡᠪᠡᠳᠴᠢᠨ ᠲᠠᠬᠤᠯ ᠢ ᠢᠳᠡᠪᠬᠢᠲᠡᠢ ᠪᠠᠷ ᠤᠷᠢᠳᠴᠢᠯᠠᠨ ᠰᠡᠷᠬᠡᠶᠢᠯᠡᠬᠦ ᠬᠡᠷᠡᠭᠲᠡᠢ ᠭᠡᠵᠦ ᠰᠠᠨᠠᠭᠤᠯᠵᠤ ᠪᠠᠶᠢᠯ᠎ᠠ᠃ ᠡᠭᠦᠨ ᠤ ᠬᠠᠮᠲᠤ ᠵᠡᠮᠳᠡᠭᠴᠦᠳ ᠤᠨ ᠰᠣᠨᠣᠰᠤᠭᠤᠷ ᠢ ᠬᠡᠷᠡᠭᠯᠡᠬᠦ ᠪᠠ ᠬᠠᠮᠠᠭᠠᠯᠠᠬᠤ ᠲᠠᠯ᠎ᠠ ᠪᠠᠷ ᠲᠠᠨᠢᠯᠴᠠᠭᠤᠯᠭ᠎ᠠ ᠬᠢᠵᠦ ᠳᠤᠷᠰᠢᠨ ᠲᠤᠬᠢᠷᠠᠭᠤᠯᠵᠤ ᠥᠭᠴᠡᠢ᠃ ᠵᠡᠮᠳᠡᠭᠴᠦᠳ ᠤᠨ ᠬᠤᠯᠪᠣᠭᠠᠲᠤ ᠬᠤᠷᠠᠯ  ᠤᠨ ᠬᠢᠨ ᠪᠠᠰᠠ ᠶᠠᠳᠠᠭᠤ ᠬᠦᠴᠢᠷᠳᠡᠯᠲᠡᠢ ᠵᠢᠴᠢ ᠬᠦᠨᠳᠦ ᠰᠣᠨᠣᠷ ᠵᠡᠮᠳᠡᠭ ᠬᠥᠮᠦᠰ ᠲᠤ ᠰᠦᠢᠳᠬᠡᠯ ᠬᠤᠷᠢᠶᠠᠬᠤ ᠦᠭᠡᠢ ᠪᠠᠷ ᠰᠣᠨᠣᠰᠤᠭᠤᠷ ᠲᠦᠭᠡᠭᠡᠵᠦ ᠥᠭᠴᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号