ᠬᠤᠰᠢᠭᠤ ᠤᠯᠠᠭᠠᠠᠮᠦ᠋ᠴᠢᠷ 2023 ᠣᠨ ᠤ ᠬᠠᠪᠤᠷ ᠤᠨ ᠤᠯᠠᠷᠢᠯ ᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠬᠢᠭᠰᠡᠨ
ᠨᠡᠶᠢᠲᠡᠯᠡᠭᠰᠡᠨ ᠴᠠᠭ᠄
2023/12/26
      ᠤᠯᠠᠭᠠᠠᠮᠦ᠋ᠴᠢᠷ ᠤᠨ ᠠᠵᠢᠯ ᠦᠢᠯᠡᠰ ᠤᠨ ᠰᠢᠨ᠎ᠡ ᠴᠠᠭ ᠦᠶ᠎ᠡ ᠳᠤ ᠰᠢᠨ᠎ᠡ ᠠᠭᠤᠷ ᠠᠮᠢᠰᠬᠤᠯ᠂ ᠰᠢᠨ᠎ᠡ ᠠᠮᠵᠢᠯᠲᠠ ᠪᠦᠲᠦᠮᠵᠢ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠤᠯᠠᠮ ᠠᠬᠢᠭᠤᠯᠬᠤ ᠶᠢᠨ ᠲᠥᠯᠦᠭᠡ᠂ ᠣᠶᠢᠷ᠎ᠠ ᠶᠢᠨ ᠡᠳᠦᠷ᠂  ᠬᠤᠰᠢᠭᠤ ᠤᠯᠠᠭᠠᠨᠮᠦ᠋ᠴᠢᠷ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠤᠯᠤᠰ  ᠤᠨ ᠬᠤᠶᠠᠳᠤᠭᠠᠷ ᠳᠡᠰ ᠤᠨ ᠲᠣᠭᠯᠠᠭᠴᠢ ᠴᠧᠨ ᠳ᠋ᠦᠩ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ᠂ ᠮᠣᠩᠭᠤᠯ ᠪᠥᠵᠢᠭ ᠤᠨ ᠪᠠᠭᠰᠢ ᠳᠣᠷᠣᠨ᠎ᠠ᠂ ᠥᠪᠥᠷ ᠮᠣᠩᠭᠤᠯ ᠤᠨ ᠤᠷᠠᠯᠢᠭ  ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠦᠨᠳᠦᠰᠦᠲᠡᠨ ᠤ ᠳᠠᠭᠤᠤ ᠬᠥᠭᠵᠢᠮ ᠤᠨ ᠰᠠᠯᠪᠤᠷᠢ ᠶᠢᠨ ᠳᠡᠳ᠋ ᠫᠷᠣᠹᠧᠰᠰᠣᠷ ᠴᠣᠭᠲᠤ ᠪᠠᠭᠰᠢ ᠨᠠᠷ ᠢ ᠣᠨᠴᠠᠯᠠᠨ ᠤᠷᠢᠵᠤ᠂ ᠮᠠᠨ ᠤ ᠬᠤᠰᠢᠭᠤᠨ ᠤ ᠤᠯᠠᠭᠠᠨᠮᠦ᠋ᠴᠢᠷ ᠤᠨ ᠤᠷᠠᠯᠢᠭᠴᠢᠳ ᠲᠤ ᠪᠠᠯᠧᠲ ᠪᠥᠵᠢᠭ᠂ ᠣᠳᠣ ᠦᠶ᠎ᠡ ᠶᠢᠨ ᠪᠥᠵᠢᠭ᠂ ᠮᠣᠩᠭᠤᠯ ᠪᠥᠵᠢᠭ ᠪᠣᠯᠤᠨ ᠳᠠᠭᠤᠤ ᠬᠥᠭᠵᠢᠮ ᠤᠨ ᠦᠨᠳᠦᠰᠦᠨ ᠮᠡᠷᠭᠡᠵᠢᠯ ᠤᠨ ᠪᠣᠯᠪᠠᠰᠤᠷᠠᠯ ᠬᠦᠷᠲᠡᠭᠡᠵᠡᠢ᠃ ᠲᠤᠰ ᠤᠳᠠᠭᠠᠨ  ᠤ ᠲᠤᠰᠬᠠᠢ ᠮᠡᠷᠭᠡᠵᠢᠯ ᠤᠨ ᠪᠣᠯᠪᠠᠰᠤᠷᠠᠯ ᠨᠢ 20 ᠰᠢᠬᠠᠮ ᠡᠳᠦᠷ ᠶᠠᠪᠤᠭᠳᠠᠵᠤ᠂ ᠤᠯᠠᠭᠠᠠᠮᠦ᠋ᠴᠢᠷ ᠤᠨ ᠭᠡᠰᠢᠭᠦᠳ ᠬᠦᠭᠵᠢᠮ ᠪᠦᠵᠢᠭ ᠤᠨ ᠦᠨᠳᠦᠰᠦᠨ ᠮᠡᠳᠡᠯᠭᠡ ᠶᠢ ᠰᠤᠷᠤᠭᠰᠠᠨ ᠢᠶᠠᠷ ᠪᠠᠷᠠᠬᠤ ᠦᠭᠡᠢ᠂ ᠲᠤᠰᠬᠠᠢ ᠮᠡᠷᠭᠡᠵᠢᠯ ᠤᠨ ᠬᠢᠷᠢ ᠲᠦᠪᠰᠢᠨ  ᠪᠠ ᠳᠤᠭᠯᠠᠬᠤ ᠤᠷ᠎ᠠ ᠴᠢᠳᠠᠪᠤᠷᠢ ᠨᠢ ᠶᠡᠬᠡᠪᠡᠷ ᠳᠡᠭᠡᠭᠰᠢᠯᠡᠵᠦ᠂ ᠪᠠᠭᠰᠢ ᠨᠠᠷ ᠤᠨ ᠪᠥᠵᠢᠭ ᠤᠨ ᠬᠥᠳᠡᠯᠭᠡᠭᠡᠨ ᠪᠠ ᠳᠠᠭᠤᠤ ᠬᠥᠭᠵᠢᠮ ᠤᠨ ᠪᠣᠯᠪᠠᠰᠤᠷᠠᠯ ᠤᠨ ᠭᠤᠣᠯᠳᠠᠯᠭ᠎ᠠ ᠠᠴᠠ ᠤᠷᠠᠯᠢᠭᠴᠢᠳ ᠲᠣᠭᠯᠠᠯᠲᠠ  ᠪᠡᠯᠡᠳᠬᠡᠬᠦ᠂ ᠰᠣᠩᠭᠤᠳᠠᠭ ᠤᠷᠠᠨ ᠰᠠᠶᠢᠬᠠᠨ ᠢ ᠤᠯᠠᠮᠵᠢᠯᠠᠨ ᠵᠠᠯᠭᠠᠮᠵᠢᠯᠠᠬᠤ ᠵᠡᠷᠭᠡ ᠲᠠᠯ᠎ᠠ ᠶᠢᠨ ᠴᠢᠳᠠᠪᠤᠷᠢ ᠨᠢ ᠴᠦ ᠮᠡᠳᠡᠭᠳᠡᠮ᠎ᠡ ᠳᠡᠭᠡᠭᠰᠢᠯᠡᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号