ᠮᠠᠨ ᠤ ᠬᠤᠰᠢᠭᠤᠨ ᠤ ︽ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠰᠤᠭᠠᠢ︾ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠡᠬᠢᠯᠡᠭᠰᠡᠨ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ  ᠤᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠯᠧᠢ ᠹᠧᠩ ᠠᠴᠠ ᠰᠤᠷᠤᠯᠴᠠᠬᠤ᠂ ᠰᠠᠶᠢᠨ ᠶᠠᠪᠤᠳᠠᠯ ᠬᠢᠬᠦ᠂ ᠪᠣᠯᠪᠠᠰᠤᠨ ᠢ ᠡᠭᠦᠳᠬᠦ᠂ ᠲᠥᠪ ᠰᠤᠷᠲᠠᠯ ᠢ ᠪᠠᠳᠠᠷᠠᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠬᠤ ᠶᠢᠨ ᠲᠥᠯᠥᠭᠡ᠂ ᠵᠢᠷᠠᠳᠡᠬᠢ ︽  3 . 5︾ ᠤ ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠳᠤ᠂ ᠮᠠᠨ ᠤ ᠬᠤᠰᠢᠭᠤ ︽ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠰᠤᠭᠠᠢ︾ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠵᠢᠴᠢ ︽ᠯᠧᠢ ᠹᠧᠩ ᠠᠴᠠ ᠰᠤᠷᠤᠯᠴᠠᠵᠤ ᠯᠧᠢ ᠹᠧᠩ ᠪᠣᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠵᠡᠢ᠃    ᠬᠤᠰᠢᠭᠤ ᠨᠠᠮ ᠤᠨ ᠬᠤᠷᠢᠶᠠᠨ ᠤ ᠱᠦᠵᠢ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ  ᠶᠢᠨ ᠲᠥᠪ ᠤᠨ ᠡᠷᠬᠢᠯᠡᠭᠴᠢ ᠰᠢᠯᠢᠨᠪᠠᠭᠠᠲᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ  ᠤᠨ ᠠᠯᠪᠠᠨ ᠬᠡᠷ ᠤᠨ ᠡᠷᠬᠢᠯᠡᠭᠴᠢ ᠼᠦᠩ ᠮᠧᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠳᠠᠯᠠᠨᠪᠠᠶᠠᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠪᠦᠷᠢᠨᠳᠡᠯᠭᠡᠷ᠂ ᠬᠤᠰᠢᠭᠤ ᠳᠡᠳ᠋ ᠳᠠᠷᠤᠭ᠎ᠠ ᠴᠢᠨ ᠯᠢᠶᠠᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠴᠢᠶᠠᠨ ᠰᠢᠦ ᠵᠢᠶᠦ᠋ᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠸᠠᠩ ᠠᠶ ᠴᠢᠶᠠᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠷᠡᠭᠦᠯ ᠬᠠᠮᠠᠭᠠᠯᠠᠯ ᠤᠨ ᠵᠥᠪᠯᠡᠯ  ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠰᠡᠴᠡᠨᠪᠠᠭᠠᠲᠤᠷ ᠠᠵᠢᠯᠯᠠᠭ᠎ᠠ ᠳᠤ ᠤᠷᠤᠯᠴᠠᠵᠠᠢ᠃    ᠦᠳᠡ ᠶᠢᠨ ᠡᠮᠦᠨᠡᠬᠢ 10 ᠴᠠᠭ ᠲᠤ᠂ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ ᠤᠨ ᠠᠯᠪᠠᠨ ᠭᠡᠷ ᠤᠨ ᠡᠷᠬᠢᠯᠡᠭᠴᠢ ᠼᠦᠩ ᠮᠧᠶ ᠠᠵᠢᠯᠯᠠᠭ᠎ᠠ ᠡᠬᠢᠯᠡᠭᠰᠡᠨ ᠢ ᠵᠠᠷᠯᠠᠵᠠᠢ᠃    ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠶᠠᠨ ᠮᠢᠨ ︽ᠪᠥᠬᠦ ᠬᠤᠰᠢᠭᠤᠨ ᠤ ︿ᠰᠢᠯᠢᠳᠡᠭ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ﹀ ︿ᠰᠢᠯᠢᠳᠡᠭ ᠰᠠᠶᠢᠨ ᠳᠤᠷᠠᠴᠤᠤᠯ﹀ ᠢ ᠨᠡᠷᠡᠶᠢᠳᠬᠦ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠵᠦ᠂ ᠬᠤᠰᠢᠭᠤ ᠤᠳᠤᠷᠢᠳᠤᠯᠭ᠎ᠠ ᠨᠠᠷ ᠲᠠᠶᠢᠰᠠᠨ ᠳᠤ ᠭᠠᠷᠴᠤ ᠪᠥᠬᠦ ᠬᠤᠰᠢᠭᠤᠨ ᠤ ᠰᠢᠯᠢᠳᠡᠭ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ᠂ ᠰᠢᠯᠢᠳᠡᠭ ᠰᠠᠶᠢᠨ ᠳᠤᠷᠠᠴᠤᠤᠯ ᠤᠨ ᠲᠥᠯᠥᠭᠡᠯᠡᠭᠴᠢ᠂ ᠠᠵᠢᠯ ᠤᠨ ᠪᠠᠶᠢᠷᠢ ᠶᠢᠨ ᠯᠸᠢ ᠹᠧᠩ ᠠᠴᠠ ᠰᠤᠷᠤᠯᠴᠠᠬᠤ ᠵᠢᠱᠢᠶᠡᠴᠢ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃    ᠠᠵᠢᠯ ᠤᠨ ᠪᠠᠶᠢᠷᠢ ᠶᠢᠨ ᠯᠧᠢ ᠹᠧᠩ ᠠᠴᠠ ᠰᠤᠷᠤᠯᠴᠠᠬᠤ ᠵᠢᠱᠢᠶᠡᠴᠢ ᠸᠠᠩ ᠬᠤᠶ᠂ ︽ᠤᠯᠠᠭᠠᠨ ᠪᠣᠭᠴᠣ︾ ᠰᠠᠶᠢᠨ ᠳᠤᠷ᠎ᠠ ᠶᠢᠨ ᠠᠵᠢᠯᠯᠠᠭᠴᠢ ᠵᠤ᠋ ᠪᠢ ᠶᠢᠩ ᠠᠴᠠ ᠰᠠᠶᠢᠨ ᠳᠤᠷᠠᠴᠤᠤᠯ ᠢ ᠲᠥᠯᠦᠭᠡᠯᠡᠨ ᠶᠠᠷᠢᠶ᠎ᠠ ᠳᠠᠯᠪᠢᠵᠠᠢ᠃    ᠲᠤᠬᠠᠢ ᠶᠢᠨ ᠲᠠᠯᠠᠪᠠᠢ ᠳᠤ ᠪᠠᠰᠠ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠤᠯᠪᠣᠭ᠎ᠠ ᠪᠠᠶᠢᠭᠤᠯᠵᠠᠢ᠃ ᠬᠤᠯᠪᠤᠭ᠎ᠠ ᠨᠢ ᠪᠦᠬᠦ ᠬᠤᠰᠢᠭᠤᠨ ᠤ 20 ᠰᠢᠬᠠᠮ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ ᠪᠠᠷ ᠪᠦᠷᠢᠯᠳᠦᠵᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ  ᠶᠢᠨ ᠡᠬᠢ ᠪᠠᠶᠠᠯᠢᠭ ᠪᠣᠯᠤᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠣᠨᠣᠪᠴᠢᠲᠠᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠬᠤᠯᠪᠣᠭ᠎ᠠ ᠶᠢᠨ ᠬᠡᠯᠪᠡᠷᠢ ᠪᠠᠷ ᠨᠡᠩ ᠤᠯᠠᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠬᠦ ᠪᠤᠯᠤᠨ᠎ᠠ᠃ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠤᠯᠪᠣᠭ᠎ᠠ ᠶᠢᠨ ᠪᠦᠷᠢᠯᠳᠦᠬᠦᠨ ᠬᠠᠮᠲᠤ ᠪᠠᠷ ᠬᠥᠰᠢᠭᠡ ᠰᠡᠬᠦᠵᠦ᠂ ᠲᠤᠬᠠᠶ ᠶᠢᠨ ᠲᠠᠯᠠᠪᠠᠶ ᠳᠤ ᠬᠠᠨᠳᠢᠪ ᠡᠷᠭᠦᠭᠰᠡᠨ ᠪᠠᠶᠢᠨ᠎ᠠ     ᠠᠵᠢᠯᠯᠠᠭ᠎ᠠ ᠳᠤ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠫᠠᠨ ᠮᠧᠶ ᠯᠧᠢ ᠹᠧᠩ ᠠᠴᠠ ᠰᠤᠷᠤᠯᠴᠠᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠬᠤᠰᠢᠭᠤ ᠤᠳᠤᠷᠢᠳᠤᠯᠭ᠎ᠠ ᠨᠠᠷ ᠲᠠᠶᠢᠰᠠᠨ ᠳᠤ ᠭᠠᠷᠴᠤ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ︾ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃    ᠲᠤᠬᠠᠶ ᠶᠢᠨ ᠲᠠᠯᠠᠪᠠᠶ ᠳᠤ᠂ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ᠂ ᠡᠯ᠎ᠡ ᠰᠢᠭᠤᠳ ᠬᠠᠷᠢᠶ᠎ᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠤᠮᠤ ᠪᠠᠯᠭᠠᠰᠤ ᠵᠢᠴᠢ ᠰᠠᠶᠢᠨ ᠲᠤᠷᠠᠴᠤᠳ  ᠤᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠠᠶᠢᠨ ᠲᠤᠷᠠᠴᠤᠳ ᠠᠴᠠ ︽ᠤᠯᠤᠰ ᠣᠷᠣᠨ ᠢᠶᠠᠨ ᠬᠠᠮᠠᠭᠠᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠨᠤᠮ ᠤᠨ ᠱᠤᠰᠢᠭ᠎ᠠ᠂ ᠭᠠᠶᠢᠯᠢ ᠶᠢᠨ ᠶᠠᠪᠤᠳᠠᠯ ᠵᠡᠷᠭᠡ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ︽ᠪᠢᠴᠢᠯ ᠬᠦᠰᠡᠯ ᠡᠷᠡᠮᠡᠯᠵᠡᠯ︾᠂ ᠬᠤᠪᠴᠠᠰᠤ ᠬᠤᠨᠠᠷ ᠬᠠᠨᠳᠢᠪᠯᠠᠬᠤ᠂ ᠨᠣᠮ ᠤᠩᠰᠢᠬᠤ ᠵᠤᠭ᠎ᠠ ᠴᠡᠩᠭᠡᠯ᠂ ᠬᠠᠶᠢᠷ᠎ᠠ ᠬᠠᠯᠠᠮᠵᠢ ᠶᠢᠨ ᠲᠣᠭᠯᠠᠭᠠᠮ ᠤᠨ ᠵᠢᠷᠤᠮ ᠤᠨ ᠬᠤᠳᠠᠯᠳᠤᠭ᠎ᠠ᠂ ᠠᠯᠪᠠᠨ ᠵᠢᠷᠤᠮ  ᠤᠨ ᠦᠰᠦ ᠬᠠᠶᠢᠴᠢᠯᠠᠬᠤ᠂ ︽ᠤᠯᠠᠭᠠᠨ ᠪᠣᠭᠴᠣ︾ ᠶᠢᠨ ᠬᠠᠭᠤᠴᠢᠨ ᠬᠡᠷᠡᠯ ᠵᠢᠷᠤᠭ ᠤᠨ ᠦᠵᠡᠰᠬᠦᠯᠡᠩ᠂ ᠬᠠᠶᠢᠷ᠎ᠠ ᠬᠠᠯᠠᠮᠵᠢ ᠶᠢᠨ ᠡᠮᠴᠢᠯᠡᠭᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠠᠯᠢ ᠣᠯᠠᠨ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ ᠤᠨ ᠪᠥᠲᠥᠭᠡᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠦᠶᠯᠡᠰ ᠥᠷᠨᠢᠨ ᠬᠥᠭᠵᠢᠵᠦ᠂ ᠬᠤᠲᠠ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠵᠢᠭᠰᠠᠭᠠᠯ ᠤᠨ ᠭᠠᠵᠠᠷ ᠪᠦᠬᠦᠨ ᠢ ᠬᠠᠮᠤᠷᠬᠤ  ᠶᠢ ᠪᠡᠶᠡᠯᠡᠭᠦᠯᠵᠦ᠂ ᠪᠣᠯᠪᠠᠰᠤᠨ ᠦᠶᠯᠡᠳᠦᠯᠭᠡ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠶᠡᠷᠦᠩᠬᠡᠶ ᠠᠩᠭᠢ ᠵᠢᠴᠢ ᠡᠯ᠎ᠡ ᠲᠤᠰᠬᠠᠶ ᠮᠡᠷᠭᠡᠵᠢᠯ ᠤᠨ ᠡᠩᠨᠡᠭᠡ ᠲᠠᠰᠤᠷᠠᠯᠲᠠ ᠥᠬᠡᠶ ᠪᠤᠵᠠᠭᠠᠶᠢᠷᠠᠵᠤ᠂ ᠪᠥᠬᠦ ᠬᠤᠰᠢᠭᠤᠨ ᠤ ᠳᠠᠩᠰᠠᠯᠠᠭᠤᠯᠤᠭᠰᠠᠨ ᠪᠣᠯᠪᠠᠰᠤᠨ ᠦᠶᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ 2 ᠲᠦᠮᠡ ᠭᠠᠷᠤᠶ ᠪᠣᠯᠵᠣ᠂ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ 200 ᠭᠠᠷᠤᠶ ᠪᠣᠯᠵᠠᠶ᠃ ᠲᠡᠳᠡ ᠤᠬᠠᠮᠰᠠᠷ ᠠᠴᠠ ᠪᠠᠨ ᠶᠡᠭᠡ ᠲᠠᠯ᠎ᠠ ᠶᠡᠭᠡ ᠶᠠᠪᠤᠳᠠᠯ ᠳᠤ ᠦᠢᠯᠡᠴᠢᠯᠡᠵᠦ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠬᠦ ᠬᠦᠷᠢᠶ᠎ᠡ ᠴᠠᠷᠠᠭ᠎ᠠ ᠂ ᠥᠷᠭᠡᠨ ᠪᠦᠷᠬᠦᠴᠡ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠠᠭᠠᠨᠮᠥ᠋ᠴᠢᠷ +᠂ ᠤᠯᠠᠭᠠᠨ ᠪᠣᠭᠴᠣ ᠵᠡᠷᠭᠡ ᠨᠢᠭᠡ ᠪᠦᠯᠦᠭ ᠪᠦᠬᠦ ᠠᠶᠢᠮᠠᠭ ᠲᠤ ᠨᠥᠯᠥᠭᠡᠯᠡᠬᠦ ᠬᠦᠴᠦᠨ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠷᠡᠲᠦ ᠲᠡᠮᠳᠡᠭ ᠴᠣᠯᠭᠤᠷᠠᠨ ᠭᠠᠷᠴᠠᠢ᠃ ᠲᠣᠰ ᠤᠳᠠᠭᠠᠨ ᠤ ᠠᠵᠢᠯᠯᠠᠭ᠎ᠠ ᠶᠢᠨ ᠳᠠᠷᠠᠭ᠎ᠠ᠂ ᠮᠠᠨ ᠤ ᠬᠤᠰᠢᠭᠤᠨ ᠤ ᠡᠯ᠎ᠡ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠦᠷᠭᠦᠯᠵᠢᠯᠡᠨ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ  ᠲᠤ ᠭᠦᠨᠵᠡᠭᠡᠶᠢᠷᠡᠨ ᠣᠯᠠᠨ ᠲᠦᠮᠡᠨ ᠳᠤ ᠡᠯ᠎ᠡ ᠵᠦᠶᠯ ᠤᠨ ᠬᠡᠯᠪᠡᠷᠢ ᠶᠢᠨ ᠰ᠊
ᠨᠡᠶᠢᠲᠡᠯᠡᠭᠰᠡᠨ ᠴᠠᠭ᠄
2023/12/26
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠯᠧᠢ ᠹᠧᠩ ᠠᠴᠠ ᠰᠤᠷᠤᠯᠴᠠᠬᠤ᠂ ᠰᠠᠶᠢᠨ ᠶᠠᠪᠤᠳᠠᠯ ᠬᠢᠬᠦ᠂ ᠪᠣᠯᠪᠠᠰᠤᠨ ᠢ ᠡᠭᠦᠳᠬᠦ᠂ ᠲᠥᠪ ᠰᠤᠷᠲᠠᠯ ᠢ ᠪᠠᠳᠠᠷᠠᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠬᠤ  ᠶᠢᠨ ᠲᠥᠯᠥᠭᠡ᠂ ᠵᠢᠷᠠᠳᠡᠬᠢ ︽ 3 . 5︾ ᠤ ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠳᠤ᠂ ᠮᠠᠨ ᠤ ᠬᠤᠰᠢᠭᠤ ︽ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠴᠠᠭ ᠦᠶ᠎ᠡ  ᠶᠢᠨ ᠰᠢᠨ᠎ᠡ ᠰᠤᠷᠲᠠᠯ ᠢ ᠪᠠᠳᠠᠷᠠᠭᠤᠯᠰᠤᠭᠠᠢ︾ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠵᠢᠴᠢ ︽ᠯᠧᠢ ᠹᠧᠩ ᠠᠴᠠ ᠰᠤᠷᠤᠯᠴᠠᠵᠤ ᠯᠧᠢ ᠹᠧᠩ ᠪᠣᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠵᠡᠢ᠃    ᠬᠤᠰᠢᠭᠤ ᠨᠠᠮ ᠤᠨ ᠬᠤᠷᠢᠶᠠᠨ ᠤ ᠱᠦᠵᠢ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ  ᠤᠨ ᠡᠷᠬᠢᠯᠡᠭᠴᠢ ᠰᠢᠯᠢᠨᠪᠠᠭᠠᠲᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ ᠤᠨ ᠠᠯᠪᠠᠨ ᠬᠡᠷ ᠤᠨ ᠡᠷᠬᠢᠯᠡᠭᠴᠢ ᠼᠦᠩ ᠮᠧᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠳᠠᠯᠠᠨᠪᠠᠶᠠᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠪᠦᠷᠢᠨᠳᠡᠯᠭᠡᠷ᠂ ᠬᠤᠰᠢᠭᠤ ᠳᠡᠳ᠋ ᠳᠠᠷᠤᠭ᠎ᠠ ᠴᠢᠨ ᠯᠢᠶᠠᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠴᠢᠶᠠᠨ ᠰᠢᠦ ᠵᠢᠶᠦ᠋ᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠸᠠᠩ ᠠᠶ ᠴᠢᠶᠠᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠷᠡᠭᠦᠯ ᠬᠠᠮᠠᠭᠠᠯᠠᠯ ᠤᠨ ᠵᠥᠪᠯᠡᠯ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠰᠡᠴᠡᠨᠪᠠᠭᠠᠲᠤᠷ ᠠᠵᠢᠯᠯᠠᠭ᠎ᠠ ᠳᠤ ᠤᠷᠤᠯᠴᠠᠵᠠᠢ᠃    ᠦᠳᠡ ᠶᠢᠨ ᠡᠮᠦᠨᠡᠬᠢ 10 ᠴᠠᠭ ᠲᠤ᠂ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠬᠤᠰᠢᠭᠤ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ ᠤᠨ ᠠᠯᠪᠠᠨ ᠭᠡᠷ ᠤᠨ ᠡᠷᠬᠢᠯᠡᠭᠴᠢ ᠼᠦᠩ ᠮᠧᠶ ᠠᠵᠢᠯᠯᠠᠭ᠎ᠠ ᠡᠬᠢᠯᠡᠭᠰᠡᠨ ᠢ ᠵᠠᠷᠯᠠᠵᠠᠢ᠃    ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠶᠠᠨ ᠮᠢᠨ ︽ᠪᠥᠬᠦ ᠬᠤᠰᠢᠭᠤᠨ ᠤ ︿ᠰᠢᠯᠢᠳᠡᠭ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ﹀ ︿ᠰᠢᠯᠢᠳᠡᠭ ᠰᠠᠶᠢᠨ ᠳᠤᠷᠠᠴᠤᠤᠯ﹀ ᠢ ᠨᠡᠷᠡᠶᠢᠳᠬᠦ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠵᠦ᠂ ᠬᠤᠰᠢᠭᠤ ᠤᠳᠤᠷᠢᠳᠤᠯᠭ᠎ᠠ ᠨᠠᠷ ᠲᠠᠶᠢᠰᠠᠨ ᠳᠤ ᠭᠠᠷᠴᠤ ᠪᠥᠬᠦ ᠬᠤᠰᠢᠭᠤᠨ ᠤ ᠰᠢᠯᠢᠳᠡᠭ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ᠂ ᠰᠢᠯᠢᠳᠡᠭ ᠰᠠᠶᠢᠨ ᠳᠤᠷᠠᠴᠤᠤᠯ ᠤᠨ ᠲᠥᠯᠥᠭᠡᠯᠡᠭᠴᠢ᠂ ᠠᠵᠢᠯ ᠤᠨ ᠪᠠᠶᠢᠷᠢ ᠶᠢᠨ ᠯᠸᠢ ᠹᠧᠩ ᠠᠴᠠ ᠰᠤᠷᠤᠯᠴᠠᠬᠤ ᠵᠢᠱᠢᠶᠡᠴᠢ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃    ᠠᠵᠢᠯ ᠤᠨ ᠪᠠᠶᠢᠷᠢ ᠶᠢᠨ ᠯᠧᠢ ᠹᠧᠩ ᠠᠴᠠ ᠰᠤᠷᠤᠯᠴᠠᠬᠤ ᠵᠢᠱᠢᠶᠡᠴᠢ ᠸᠠᠩ ᠬᠤᠶ᠂ ︽ᠤᠯᠠᠭᠠᠨ ᠪᠣᠭᠴᠣ︾ ᠰᠠᠶᠢᠨ ᠳᠤᠷ᠎ᠠ ᠶᠢᠨ ᠠᠵᠢᠯᠯᠠᠭᠴᠢ ᠵᠤ᠋ ᠪᠢ ᠶᠢᠩ ᠠᠴᠠ ᠰᠠᠶᠢᠨ ᠳᠤᠷᠠᠴᠤᠤᠯ ᠢ ᠲᠥᠯᠦᠭᠡᠯᠡᠨ ᠶᠠᠷᠢᠶ᠎ᠠ ᠳᠠᠯᠪᠢᠵᠠᠢ᠃    ᠲᠤᠬᠠᠢ ᠶᠢᠨ ᠲᠠᠯᠠᠪᠠᠢ ᠳᠤ ᠪᠠᠰᠠ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠤᠯᠪᠣᠭ᠎ᠠ ᠪᠠᠶᠢᠭᠤᠯᠵᠠᠢ᠃ ᠬᠤᠯᠪᠤᠭ᠎ᠠ ᠨᠢ ᠪᠦᠬᠦ ᠬᠤᠰᠢᠭᠤᠨ ᠤ 20 ᠰᠢᠬᠠᠮ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ ᠪᠠᠷ ᠪᠦᠷᠢᠯᠳᠦᠵᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠡᠬᠢ ᠪᠠᠶᠠᠯᠢᠭ ᠪᠣᠯᠤᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠣᠨᠣᠪᠴᠢᠲᠠᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠬᠤᠯᠪᠣᠭ᠎ᠠ ᠶᠢᠨ ᠬᠡᠯᠪᠡᠷᠢ  ᠪᠠᠷ ᠨᠡᠩ ᠤᠯᠠᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠬᠦ ᠪᠤᠯᠤᠨ᠎ᠠ᠃ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠤᠯᠪᠣᠭ᠎ᠠ ᠶᠢᠨ ᠪᠦᠷᠢᠯᠳᠦᠬᠦᠨ ᠬᠠᠮᠲᠤ ᠪᠠᠷ ᠬᠥᠰᠢᠭᠡ ᠰᠡᠬᠦᠵᠦ᠂ ᠲᠤᠬᠠᠶ ᠶᠢᠨ ᠲᠠᠯᠠᠪᠠᠶ ᠳᠤ ᠬᠠᠨᠳᠢᠪ ᠡᠷᠭᠦᠭᠰᠡᠨ ᠪᠠᠶᠢᠨ᠎ᠠ᠃    ᠠᠵᠢᠯᠯᠠᠭ᠎ᠠ ᠳᠤ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠫᠠᠨ ᠮᠧᠶ ᠯᠧᠢ ᠹᠧᠩ ᠠᠴᠠ ᠰᠤᠷᠤᠯᠴᠠᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠬᠤᠰᠢᠭᠤ ᠤᠳᠤᠷᠢᠳᠤᠯᠭ᠎ᠠ ᠨᠠᠷ ᠲᠠᠶᠢᠰᠠᠨ ᠳᠤ ᠭᠠᠷᠴᠤ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ︾ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃    ᠲᠤᠬᠠᠶ ᠶᠢᠨ ᠲᠠᠯᠠᠪᠠᠶ ᠳᠤ᠂ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ᠂ ᠡᠯ᠎ᠡ ᠰᠢᠭᠤᠳ ᠬᠠᠷᠢᠶ᠎ᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠤᠮᠤ ᠪᠠᠯᠭᠠᠰᠤ ᠵᠢᠴᠢ ᠰᠠᠶᠢᠨ ᠲᠤᠷᠠᠴᠤᠳ ᠤᠨ ᠦᠶᠯᠡᠴᠢᠯᠡᠭᠡᠨ  ᠤ ᠵᠣᠬᠢᠶᠠᠨ ᠪᠠᠶᠢᠭᠤᠯᠤᠯᠲᠠ᠂ ᠰᠠᠶᠢᠨ ᠲᠤᠷᠠᠴᠤᠳ ᠠᠴᠠ ︽ᠤᠯᠤᠰ ᠣᠷᠣᠨ ᠢᠶᠠᠨ ᠬᠠᠮᠠᠭᠠᠯᠠᠵᠤ ᠬᠦᠰᠡᠯ ᠵᠡᠭᠦᠳᠦ  ᠪᠠᠨ ᠲᠡᠷᠭᠡᠯᠰᠢᠭᠦᠯᠬᠦ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠨᠤᠮ ᠤᠨ ᠱᠤᠰᠢᠭ᠎ᠠ᠂ ᠭᠠᠶᠢᠯᠢ  ᠶᠢᠨ ᠶᠠᠪᠤᠳᠠᠯ ᠵᠡᠷᠭᠡ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ︽ᠪᠢᠴᠢᠯ ᠬᠦᠰᠡᠯ ᠡᠷᠡᠮᠡᠯᠵᠡᠯ︾᠂ ᠬᠤᠪᠴᠠᠰᠤ ᠬᠤᠨᠠᠷ ᠬᠠᠨᠳᠢᠪᠯᠠᠬᠤ᠂ ᠨᠣᠮ ᠤᠩᠰᠢᠬᠤ ᠵᠤᠭ᠎ᠠ ᠴᠡᠩᠭᠡᠯ᠂ ᠬᠠᠶᠢᠷ᠎ᠠ ᠬᠠᠯᠠᠮᠵᠢ ᠶᠢᠨ ᠲᠣᠭᠯᠠᠭᠠᠮ ᠤᠨ ᠵᠢᠷᠤᠮ ᠤᠨ ᠬᠤᠳᠠᠯᠳᠤᠭ᠎ᠠ᠂ ᠠᠯᠪᠠᠨ ᠵᠢᠷᠤᠮ ᠤᠨ ᠦᠰᠦ ᠬᠠᠶᠢᠴᠢᠯᠠᠬᠤ᠂ ︽ᠤᠯᠠᠭᠠᠨ ᠪᠣᠭᠴᠣ︾ ᠶᠢᠨ ᠬᠠᠭᠤᠴᠢᠨ ᠬᠡᠷᠡᠯ ᠵᠢᠷᠤᠭ ᠤᠨ ᠦᠵᠡᠰᠬᠦᠯᠡᠩ᠂ ᠬᠠᠶᠢᠷ᠎ᠠ ᠬᠠᠯᠠᠮᠵᠢ ᠶᠢᠨ ᠡᠮᠴᠢᠯᠡᠭᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠠᠯᠢ ᠣᠯᠠᠨ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ  ᠶᠢᠨ ᠲᠥᠪ ᠤᠨ ᠪᠥᠲᠥᠭᠡᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠦᠶᠯᠡᠰ ᠥᠷᠨᠢᠨ ᠬᠥᠭᠵᠢᠵᠦ᠂ ᠬᠤᠲᠠ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠵᠢᠭᠰᠠᠭᠠᠯ ᠤᠨ ᠭᠠᠵᠠᠷ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠣᠯᠪᠠᠰᠤᠨ ᠦᠶᠯᠡᠳᠦᠯᠭᠡ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠶᠡᠷᠦᠩᠬᠡᠶ ᠠᠩᠭᠢ ᠵᠢᠴᠢ ᠡᠯ᠎ᠡ ᠲᠤᠰᠬᠠᠶ ᠮᠡᠷᠭᠡᠵᠢᠯ ᠤᠨ ᠡᠩᠨᠡᠭᠡ ᠲᠠᠰᠤᠷᠠᠯᠲᠠ ᠥᠬᠡᠶ ᠪᠤᠵᠠᠭᠠᠶᠢᠷᠠᠵᠤ᠂ ᠪᠥᠬᠦ ᠬᠤᠰᠢᠭᠤᠨ ᠤ ᠳᠠᠩᠰᠠᠯᠠᠭᠤᠯᠤᠭᠰᠠᠨ ᠪᠣᠯᠪᠠᠰᠤᠨ ᠦᠶᠯᠡᠳᠦᠯᠭᠡ  ᠶᠢᠨ ᠰᠠᠶᠢᠨ ᠳᠤᠷ᠎ᠠ ᠶᠢᠨ ᠠᠵᠢᠯᠯᠠᠭᠴᠢ 2 ᠲᠦᠮᠡ ᠭᠠᠷᠤᠶ ᠪᠣᠯᠵᠣ᠂ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ 200 ᠭᠠᠷᠤᠶ ᠪᠣᠯᠵᠠᠶ᠃ ᠲᠡᠳᠡ ᠤᠬᠠᠮᠰᠠᠷ ᠠᠴᠠ ᠪᠠᠨ ᠶᠡᠭᠡ ᠲᠠᠯ᠎ᠠ ᠶᠡᠭᠡ ᠶᠠᠪᠤᠳᠠᠯ ᠳᠤ ᠦᠢᠯᠡᠴᠢᠯᠡᠵᠦ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠬᠦ ᠬᠦᠷᠢᠶ᠎ᠡ ᠴᠠᠷᠠᠭ᠎ᠠ᠂ ᠥᠷᠭᠡᠨ ᠪᠦᠷᠬᠦᠴᠡ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠠᠭᠠᠨᠮᠥ᠋ᠴᠢᠷ +᠂ ᠤᠯᠠᠭᠠᠨ ᠪᠣᠭᠴᠣ ᠵᠡᠷᠭᠡ ᠨᠢᠭᠡ ᠪᠦᠯᠦᠭ ᠪᠦᠬᠦ ᠠᠶᠢᠮᠠᠭ ᠲᠤ ᠨᠥᠯᠥᠭᠡᠯᠡᠬᠦ ᠬᠦᠴᠦᠨ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠷᠡᠲᠦ ᠲᠡᠮᠳᠡᠭ ᠴᠣᠯᠭᠤᠷᠠᠨ ᠭᠠᠷᠴᠠᠢ᠃ ᠲᠣᠰ ᠤᠳᠠᠭᠠᠨ ᠤ ᠠᠵᠢᠯᠯᠠᠭ᠎ᠠ ᠶᠢᠨ ᠳᠠᠷᠠᠭ᠎ᠠ᠂ ᠮᠠᠨ ᠤ ᠬᠤᠰᠢᠭᠤᠨ ᠤ ᠡᠯ᠎ᠡ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠦᠷᠭᠦᠯᠵᠢᠯᠡᠨ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠣᠯᠠᠨ ᠲᠦᠮᠡᠨ ᠳᠤ ᠡᠯ᠎ᠡ ᠵᠦᠶᠯ ᠤᠨ ᠬᠡᠯᠪᠡᠷᠢ  ᠶᠢᠨ ᠰᠠᠶᠢᠨ ᠳᠤᠷ᠎ᠠ ᠶᠢᠨ ᠦᠶᠯᠡᠴᠢᠯᠡᠭᠡ ᠬᠦᠷᠭᠡᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号