ᠰᠥᠨᠢᠳ ᠪᠠᠷᠠᠭᠤᠨ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠬᠢᠯᠡᠭᠰᠡᠨ ᠦᠪᠡᠳᠡᠭᠰᠢ ᠪᠠᠶᠢᠳᠠᠯ ᠢ ᠭᠥᠯᠢᠶᠡᠨ ᠠᠪᠴᠤ ᠦᠵᠡᠭᠰᠡᠨ
ᠨᠡᠶᠢᠲᠡᠯᠡᠭᠰᠡᠨ ᠴᠠᠭ᠄
2023/12/26
    3 ᠰᠠᠷ᠎ᠠ ᠶᠢᠨ 5 ᠤ ᠡᠳᠦᠷ᠂ ᠲᠦᠮᠡᠨ ᠤ ᠠᠩᠬᠠᠷᠤᠯ ᠢ ᠲᠠᠲᠠᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠮᠠᠨ ᠤ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠷᠠᠳᠢᠣ᠋᠂ ᠲᠧᠯᠸᠢᠰ᠂ ᠰᠦᠯᠵᠢᠶ᠎ᠡ ᠪᠠᠷ ᠳᠡᠮᠵᠢᠨ᠂ ᠶᠡᠭᠡ ᠬᠤᠷᠠᠯ ᠤᠨ ᠡᠬᠢᠯᠡᠯᠲᠡ ᠶᠢᠨ ᠰᠢᠭᠤᠳ ᠨᠡᠪᠲᠡᠷᠡᠭᠦᠯᠭᠡ ᠶᠢᠨ ᠦᠪᠡᠳᠡᠭᠰᠢ ᠪᠠᠶᠢᠳᠠᠯ ᠢ ᠭᠥᠯᠢᠶᠡᠨ ᠠᠪᠴᠤ  ᠦᠵᠡᠵᠡᠢ᠃     ᠤᠯᠠᠭᠠᠨᠮᠥ᠋ᠴᠢᠷ ᠤᠨ ᠪᠣᠯᠪᠠᠰᠤᠷᠠᠯ ᠤᠨ ᠶᠡᠭᠡ ᠲᠢᠩᠬᠢᠮ ᠳᠤ᠂ ᠭᠡᠰᠢᠭᠦᠳ ᠳᠣᠭᠳᠣᠯᠤᠭᠰᠠᠨ ᠰᠡᠳᠬᠢᠯᠭᠡ ᠪᠠᠷ ᠺᠣᠮᠫᠢᠦ᠋ᠲ᠋ᠧᠷ ᠤᠨ ᠡᠮᠦᠨ᠎ᠡ ᠲᠣᠭᠤᠷᠢᠨ ᠰᠠᠭᠤᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠢ ᠭᠥᠯᠢᠶᠡᠨ ᠦᠵᠡᠵᠦ ᠪᠠᠶᠢᠯ᠎ᠠ᠃ ᠬᠡᠳᠦᠨ ᠵᠢᠯ ᠤᠨ ᠲᠤᠷᠰᠢ᠂ ᠬᠤᠰᠢᠭᠤ ᠤᠯᠠᠭᠠᠨᠮᠥ᠋ᠴᠢᠷ ᠤᠨ ᠭᠡᠰᠢᠭᠦᠳ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠡᠳᠬᠢᠯ ᠳᠡᠭᠡᠨ ᠣᠯᠠᠨ ᠲᠦᠮᠡᠨ ᠢ ᠪᠤᠳᠤᠵᠤ᠂ ᠰᠢᠨ᠎ᠡ ᠶᠢ ᠡᠭᠦᠳᠴᠦ᠂ ᠮᠠᠰᠢ ᠣᠯᠠᠨ ᠰᠣᠳᠣᠨ ᠪᠦᠲᠦᠭᠡᠯ ᠭᠠᠷᠭᠠᠭᠰᠠᠨ ᠪᠠᠶᠢᠨ᠎ᠠ᠂ ᠲᠠᠳᠠ ︽ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ ᠲᠦᠮᠡᠨ ᠳᠤ ᠦᠶᠯᠡᠴᠢᠯᠡᠬᠦ︾ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠵᠠᠯᠭᠠᠮᠵᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ  ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠦᠶᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠦᠶᠯᠡᠰ ᠤᠨ ᠬᠥᠭᠵᠢᠯ ᠴᠡᠴᠡᠭᠯᠡᠯ ᠢ ᠠᠬᠢᠭᠤᠯᠤᠭᠰᠠᠭᠠᠷ ᠢᠷᠡᠵᠡᠢ᠃     ᠤᠯᠠᠭᠠᠨᠮᠥ᠋ᠴᠢᠷ ᠤᠨ ᠭᠡᠰᠢᠭᠦᠨ ᠬᠤᠸᠠᠩ ᠰᠢᠶᠤᠤ ᠶᠦᠨ᠄ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠰᠣᠶᠣᠯ ᠤᠨ ᠦᠢᠯᠡᠰ ᠪᠠ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ ᠭᠡᠵᠡᠢ᠃ ᠤᠯᠠᠭᠠᠨᠮᠥ᠋ᠴᠢᠷ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢᠳᠡ ᠡᠬᠡ ᠤᠯᠤᠰ ᠢᠶᠠᠨ ᠮᠠᠭᠲᠠᠨ ᠳᠠᠭᠤᠯᠠᠭᠰᠠᠨ᠂ ᠠᠷᠠᠳ ᠲᠦᠮᠡᠨ ᠢᠶᠠᠨ ᠮᠠᠭᠲᠠᠨ ᠳᠠᠭᠤᠯᠠᠭᠰᠠᠨ ᠰᠢᠯᠢᠳᠡᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠦᠷᠭᠦᠯᠵᠢᠯᠡᠨ ᠨᠡᠩ ᠤᠯᠠᠨ ᠵᠣᠬᠢᠶᠠᠨ ᠪᠦᠲᠦᠭᠡᠵᠦ᠂ ᠰᠢᠯᠢᠳᠡᠭ ᠰᠣᠶᠣᠯ ᠤᠨ ᠲᠦᠷᠦᠯ ᠲᠡᠮᠳᠡᠭ ᠢ ᠡᠭᠦᠳᠬᠦ ᠪᠠᠷ ᠴᠢᠷᠮᠠᠶᠢᠨ᠎ᠠ᠃ ᠨᠠᠮ ᠤᠨ ᠲᠠᠭᠤᠨ ᠪᠠ ᠬᠠᠯᠠᠮᠵᠢᠯᠠᠯ ᠢ ᠤᠯᠠᠨ ᠲᠥᠮᠡᠨ ᠳᠤ ᠳᠠᠮᠵᠢᠭᠤᠯᠵᠤ᠂ ᠨᠠᠮ ᠤᠨ ᠦᠵᠡᠯ ᠰᠠᠨᠠᠭ᠎ᠠ ᠶᠢ ᠤᠯᠠᠮᠵᠢᠯᠠᠵᠤ᠂ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠤᠯᠤᠨ᠎ᠠ᠃     ᠰᠠᠩᠪᠤᠯᠠᠭ ᠰᠤᠮᠤᠨ ᠤ ᠪᠠᠶ᠋ᠬᠠᠠᠭᠤᠯᠠ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠥᠷᠲᠡᠭᠡ ᠳᠤ᠂ ᠦᠨᠳᠦᠰᠦᠨ ᠱᠠᠲᠤᠨ ᠤ ᠺᠠᠳ᠋ᠷ ᠠᠵᠢᠯᠲᠠᠳ ᠮᠠᠯᠴᠢᠳ ᠲᠠᠢ ᠬᠠᠮᠲᠤ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢ ᠦᠵᠡᠵᠦ᠂ ᠰᠢᠨ᠎ᠡ ᠬᠤᠪᠢᠷᠠᠯᠲᠠ ᠶᠢ ᠬᠥᠭᠵᠢᠶᠡᠨᠲᠡᠶ ᠶᠠᠷᠢᠯᠴᠠᠵᠤ ᠪᠠᠶᠢᠯ᠎ᠠ᠃ ᠡᠨᠡ ᠬᠡᠳᠦᠨ ᠵᠢᠯ  ᠳᠤ᠂ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠬᠦᠴᠦᠷᠬᠡᠭᠵᠢᠵᠦ᠂ ᠮᠠᠯᠴᠢᠳ ᠤᠨ ᠠᠮᠢᠳᠤᠷᠠᠯ ᠰᠠᠶᠢᠵᠢᠷᠠᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ  ᠰᠠᠶᠢᠵᠢᠷᠠᠭᠰᠠᠨ ᠠᠴᠠ ᠮᠠᠯᠴᠢᠨ ᠲᠦᠮᠡᠨ ᠬᠤᠪᠢᠷᠠᠯᠲᠠ ᠶᠢ ᠮᠡᠳᠡᠷᠡᠵᠦ᠂ ᠢᠷᠡᠭᠡᠳᠦᠢ ᠳᠤ ᠬᠡᠷᠬᠢᠨ ᠬᠥᠭᠵᠢᠬᠦ᠂ ᠵᠠᠯᠭᠠᠭᠠᠳ ᠶᠠᠭᠠᠬᠢᠵᠤ ᠠᠵᠢᠯᠯᠠᠬᠤ ᠲᠤᠬᠠᠢ ᠤᠯᠠᠨ ᠢᠶᠠᠷ ᠢᠶᠠᠨ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠯ᠎ᠠ᠃     ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢ ᠦᠵᠡᠵᠦ ᠪᠠᠶᠢᠭ᠎ᠠ ᠨᠢ    ᠰᠠᠶᠢᠬᠠᠨᠲᠠᠯ᠎ᠠ ᠪᠠᠯᠭᠠᠰᠤᠨ ᠤ ᠴᠠᠬᠢᠯᠭᠠᠨ ᠬᠦᠴᠦᠨ ᠤ ᠨᠡᠶᠢᠭᠡᠮ ᠲᠣᠭᠤᠷᠢᠭ᠂ ᠬᠠᠩᠭᠠᠶ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠪᠠ ᠰᠠᠭᠤᠭᠠᠯᠢ ᠠᠷᠠᠳ ᠰᠢᠭᠤᠳ ᠨᠡᠪᠲᠡᠷᠡᠭᠦᠯᠭᠡ ᠦᠵᠡᠵᠦ ᠪᠠᠶᠢᠭ᠎ᠠ ᠨᠢ     ᠰᠠᠭᠤᠭᠠᠯᠢ ᠠᠷᠠᠳ ᠼᠤᠤ ᠮᠢᠩ᠄ ᠠᠷᠠᠳ ᠤᠨ ᠠᠮᠢᠳᠤᠷᠠᠯ ᠬᠦᠰᠡᠯ ᠡᠷᠡᠮᠡᠯᠵᠡᠯ ᠲᠠᠢ ᠪᠣᠯᠵᠠᠢ᠂ ᠮᠠᠨ ᠤ ᠬᠤᠰᠢᠭᠤ ᠨᠠᠮ ᠤᠨ ᠳᠦᠷᠦ ᠶᠢᠨ ᠪᠤᠳᠤᠯᠭ᠎ᠠ ᠶᠢᠨ ᠵᠣᠷᠢᠭᠵᠢᠭᠤᠯᠤᠯ ᠳᠣᠣᠷ᠎ᠠ᠂ ᠡᠳᠦᠷ ᠢᠷᠡᠬᠦᠶ᠎ᠡ ᠦᠵᠡᠰᠬᠦᠯᠡᠩᠲᠦ ᠰᠠᠶᠢᠬᠠᠨ᠂ ᠡᠶ᠎ᠡ ᠵᠣᠬᠢᠴᠠᠩᠭᠤᠢ᠂ ᠪᠣᠯᠪᠠᠰᠤᠨ ᠪᠤᠯᠬᠤ ᠶᠢ ᠬᠦᠰᠡᠵᠦ ᠪᠠᠶᠢᠨ᠎ᠠ  ᠃ ᠨᠢᠭᠡᠨ ᠠᠬᠠᠮᠠᠳ ᠠᠵᠢᠯᠴᠢᠨ᠂ ᠠᠬᠠᠮᠠᠳ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠡᠷᠡᠰ ᠬᠦᠷᠢᠶᠡᠯᠡᠵᠦ᠂ ᠥᠪᠡᠷ ᠤᠨ ᠡᠭᠦᠷᠭᠡ ᠪᠠᠨ ᠭᠦᠢᠴᠡᠳᠬᠡᠵᠦ᠂ ᠠᠵᠢᠯ ᠠᠴᠠ ᠪᠠᠨ ᠠᠮᠠᠷᠠᠭᠰᠠᠨ ᠤ ᠲᠠᠷᠠᠭ᠎ᠠ ᠪᠠᠰᠠ ᠨᠢᠭᠡᠨ ᠢᠳᠡᠪᠬᠢ ᠬᠦᠴᠦᠨ ᠲᠠᠢ ᠬᠥᠮᠦᠨ ᠪᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠳᠤ ᠳᠠᠭᠠᠭᠤᠯᠬᠤ ᠦᠢᠯᠡᠳᠦᠯ ᠦᠵᠡᠭᠦᠯᠦᠨ᠎ᠡ᠂ ᠡᠨᠡ ᠪᠣᠯ ᠮᠢᠨᠦ ᠬᠠᠷᠢᠭᠤᠴᠠᠯᠭ᠎ᠠ ᠮᠥᠨ᠃    ᠪᠥᠬᠦ ᠬᠤᠰᠢᠭᠤᠨ ᠤ ᠺᠠᠳ᠋ᠷ ᠣᠯᠠᠨ ᠲᠦᠮᠡᠨ ᠥᠪᠡᠷ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ᠂ ᠤᠯᠤᠰ ᠲᠥᠷᠥ᠂ ᠦᠶᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠵᠠᠮ ᠨᠡᠭᠡᠭᠡᠨ ᠤᠷᠤᠭᠰᠢᠯᠠᠬᠤ ᠵᠣᠷᠢᠭ ᠰᠠᠨᠠᠭ᠎ᠠ᠂ ᠬᠦᠴᠦᠯᠡᠨ ᠴᠢᠷᠮᠠᠶᠢᠬᠤ ᠡᠷᠴᠢ ᠵᠣᠷᠢᠭ ᠢᠶᠠᠷ᠂ ᠪᠣᠳᠠᠲᠠᠶ ᠶᠢ ᠡᠷᠬᠢᠮᠯᠡᠨ ᠠᠵᠢᠯᠯᠠᠬᠤ ᠰᠤᠷᠲᠠᠯ ᠢᠶᠠᠷ ᠦᠵᠡᠯ ᠰᠠᠨᠠᠭ᠎ᠠ  ᠪᠠᠨ ᠴᠢᠯᠥᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠥᠬᠦ ᠬᠦᠴᠦᠨ ᠢᠶᠠᠷ ᠢᠶᠠᠨ ᠮᠠᠨ ᠤ ᠬᠤᠰᠢᠭᠤᠨ ᠤ ᠠᠵᠤ ᠠᠬᠤᠶ ᠨᠡᠶᠢᠭᠡᠮ  ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号