ᠭᠠᠯ ᠰᠡᠷᠭᠡᠶᠢᠯᠡᠵᠦ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠰᠤᠷᠭᠠᠭᠤᠯᠢ ᠶᠢᠨ ᠬᠦᠷᠢᠶᠡᠨ ᠳᠤ ᠤᠷᠤᠯ᠎ᠠ
ᠨᠡᠶᠢᠲᠡᠯᠡᠭᠰᠡᠨ ᠴᠠᠭ᠄
2023/12/26
   ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠥᠮᠦᠵᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠰᠤᠷᠤᠭᠴᠢᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠰᠤᠷᠤᠭᠴᠢᠳ ᠤᠨ ᠭᠠᠯ ᠤᠨ ᠠᠶᠤᠯ ᠢ ᠰᠡᠷᠬᠡᠶᠢᠯᠡᠨ ᠡᠵᠡᠮᠳᠡᠬᠦ᠂ ᠠᠮᠢ ᠵᠢᠭᠤᠲᠠᠨ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠬᠦᠯᠬᠦ ᠶᠢᠨ ᠲᠤᠰᠠᠳᠠ᠂ ᠤᠶᠢᠷ᠎ᠠ ᠳᠤ᠂ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ᠰᠤᠷᠤᠭᠴᠢᠳ ᠢ ᠵᠣᠬᠢᠶᠠᠨ ᠪᠠᠶᠢᠭᠤᠯᠵᠤ᠂  ᠭᠠᠯ ᠰᠡᠷᠭᠡᠶᠢᠯᠡᠵᠦ ᠭᠠᠯ ᠤᠨᠲᠠᠷᠠᠭᠠᠬᠤ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠦᠷᠨᠢᠭᠦᠯᠵᠡᠢ᠃    ᠭᠠᠯ ᠤᠨᠲᠠᠷᠠᠭᠠᠬᠤ ᠠᠵᠢᠯᠲᠠᠨ ᠠᠴᠠ ᠪᠠᠭᠰᠢ ᠰᠣᠷᠣᠭᠴᠢᠳ ᠢ ᠳᠠᠭᠠᠭᠤᠯᠤᠨ ᠶᠡᠭᠡ ᠠᠩᠭᠢ ᠶᠢᠨ ︽ᠭᠠᠯ ᠤᠨᠲᠠᠷᠠᠭᠠᠬᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠣᠷᠳᠣᠨ︾ ᠳᠤ ᠬᠦᠷᠴᠦ᠂ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ᠂ ᠰᠠᠭᠤᠷᠢᠨ ᠭᠠᠵᠠᠷ ᠤᠨ ᠳᠣᠲᠣᠭᠠᠳᠤ ᠶᠢᠨ ᠪᠠᠶᠢᠷᠢᠯᠠᠭᠤᠯᠤᠯᠲᠠ ᠶᠢ ᠨᠠᠷᠢᠨ ᠨᠢᠮᠪᠠᠢ ᠲᠠᠨᠢᠯᠴᠠᠭᠤᠯᠵᠤ᠂ ᠭᠠᠯ ᠤᠨ ᠠᠶᠤᠯ ᠡᠭᠦᠰᠬᠦ ᠰᠢᠯᠲᠠᠭᠠᠨ᠂ ᠥᠪᠡᠷ ᠢ ᠪᠠᠨ ᠠᠪᠤᠷᠠᠬᠤ ᠪᠠ ᠠᠮᠢ ᠵᠢᠭᠤᠲᠠᠬᠤ ᠠᠷᠭ᠎ᠠ᠂ ᠠᠮᠤᠷ ᠲᠦᠪᠰᠢᠨ ᠤ ᠲᠡᠮᠳᠡᠭ᠂ ᠭᠡᠷ ᠪᠦᠯᠢ ᠶᠢᠨ ᠭᠠᠯ ᠤᠨ ᠠᠶᠤᠯ ᠢ ᠰᠡᠷᠭᠡᠶᠢᠯᠡᠬᠦ᠂ ᠭᠠᠵᠠᠷ ᠬᠦᠳᠡᠯᠬᠦ ᠳᠤ ᠠᠮᠢ ᠵᠢᠭᠤᠲᠠᠨ ᠥᠪᠡᠷ ᠢ ᠪᠠᠨ ᠠᠪᠤᠷᠠᠬᠤ ᠵᠡᠷᠭᠡ ᠲᠠᠯ᠎ᠠ ᠶᠢᠨ ᠮᠡᠳᠡᠯᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠵᠠᠢ᠃ ᠭᠠᠯ ᠤᠨᠲᠠᠷᠠᠭᠠᠬᠤ ᠠᠵᠢᠯᠲᠠᠨ ᠪᠠᠰᠠ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ︽ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠡᠷᠦ ᠶᠢᠨ ᠮᠡᠳᠡᠯᠭᠡ ᠶᠢᠨ ᠬᠥᠮᠦᠵᠢᠯ ᠤᠨ ᠬᠢᠴᠢᠶᠡᠯ︾ ᠤᠷᠤᠵᠤ᠂ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠮᠡᠳᠡᠯᠭᠡ ᠪᠠᠷ ᠭᠤᠣᠯ ᠪᠣᠯᠭᠠᠨ᠂ ᠤᠯᠠᠨ ᠨᠡᠶᠢᠲᠡ ᠶᠢᠨ ᠲᠠᠯᠠᠪᠤᠷ ᠤᠨ ᠭᠠᠯ ᠤᠨ ᠠᠶᠤᠯ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠵᠡᠷᠭᠡ ᠠᠭᠤᠯᠭ᠎ᠠ ᠲᠠᠢ ᠤᠶᠠᠯᠳᠤᠭᠤᠯᠤᠨ ᠬᠢᠴᠢᠶᠡᠯ ᠤᠷᠤᠵᠤ᠂ ᠬᠢᠴᠢᠶᠡᠯ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠲᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠡᠷᠦ ᠶᠢᠨ ᠮᠡᠳᠡᠯᠭᠡ ᠶᠢᠨ ᠰᠢᠯᠭᠠᠯᠲᠠ ᠬᠢᠵᠦ᠂ ᠣᠯᠠᠨ ᠢᠶᠠᠷ ᠢᠶᠠᠨ ᠥᠪᠡᠷ ᠢ ᠪᠠᠨ ᠠᠪᠤᠷᠠᠬᠤ ᠪᠠ ᠠᠮᠢ ᠵᠢᠭᠤᠲᠠᠬᠤ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠪᠦᠬᠦ ᠪᠠᠭᠰᠢ ᠰᠤᠷᠤᠭᠴᠢᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃    ᠭᠠᠯ ᠤᠨᠲᠠᠷᠠᠭᠠᠬᠤ ᠠᠵᠢᠯᠲᠠᠨ ᠪᠠᠰᠠ ᠰᠤᠷᠤᠭᠴᠢᠳ ᠲᠤ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠭᠦᠷᠭᠡ ᠳᠤᠮᠳᠠᠬᠢ ᠬᠡᠷᠡᠭᠴᠡᠭᠡ ᠶᠢ ᠨᠠᠷᠢᠨ ᠲᠣᠳᠣᠷᠬᠠᠢ ᠶᠠᠷᠢᠵᠤ ᠥᠭᠭᠦᠨ᠂ ᠰᠣᠷᠣᠭᠴᠢᠳ ᠭᠠᠯ ᠤᠨᠲᠠᠷᠠᠭᠠᠬᠤ ᠲᠡᠷᠭᠡᠨ ᠳᠤ ᠭᠠᠷᠴᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠵᠡᠷᠭᠡ ᠶᠢ ᠪᠡᠶᠡᠴᠢᠯᠡᠨ ᠤᠶᠢᠯᠠᠭᠠᠵᠠᠢ᠃    ᠲᠤᠰ ᠤᠳᠠᠭᠠᠨ ᠠᠵᠢᠯᠯᠠᠭ᠎ᠠ ᠨᠢ ᠪᠠᠭᠰᠢ ᠰᠤᠷᠤᠭᠴᠢᠳ ᠲᠤ ᠨᠡᠩ ᠣᠯᠠᠨ ᠭᠠᠯ ᠤᠨᠲᠠᠷᠠᠭᠠᠬᠤ ᠮᠡᠳᠡᠯᠭᠡ ᠶᠢ ᠡᠵᠡᠮᠰᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠭᠠᠯ ᠠᠴᠠ ᠰᠡᠷᠬᠡᠶᠢᠯᠡᠬᠦ᠂ ᠳᠠᠯᠳᠠ ᠭᠡᠮ ᠢ ᠠᠷᠢᠯᠭᠠᠬᠤ ᠵᠡᠷᠭᠡ ᠤᠶᠢᠯᠠᠭᠠᠭᠳᠠᠬᠤᠨ ᠢ ᠪᠣᠢ ᠪᠣᠯᠭᠠᠵᠤ᠂ ᠮᠠᠰᠢ ᠰᠠᠶᠢᠨ ᠰᠤᠷᠭᠠᠨ ᠬᠥᠮᠦᠵᠢᠯ ᠤᠨ ᠦᠷ᠎ᠡ ᠪᠦᠲᠦᠮᠵᠢ ᠣᠯᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号