2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠣᠯᠠᠨ ᠡᠰᠢᠵᠢᠭᠰᠡᠨ ᠪᠠᠯᠠ ᠣᠷᠣᠭᠤᠯᠬᠤ ᠲᠣᠭᠲᠠᠴᠠ ᠶᠢ ᠪᠦᠷᠢᠨᠰᠢᠭᠦᠯᠵᠦ᠂ | ᠳᠠᠬᠢᠨ ᠵᠢᠭᠡᠯᠡᠯᠭᠡ ᠥᠭᠬᠦ ᠳᠠᠬᠢᠨ ᠪᠡᠯᠡᠨ ᠵᠣᠭᠤᠰ ᠰᠣᠯᠢᠬᠤ᠂ ᠵᠦᠷᠢᠶᠡᠴᠢᠯᠡᠭᠰᠡᠨ ᠬᠠᠳᠠᠭᠠᠯᠠᠮᠵᠢ ᠶᠢᠨ ᠪᠡᠯᠡᠳᠬᠡᠯ | ᠮᠥᠩᠭᠦ᠂ ᠵᠦᠷᠢᠶᠡᠴᠢᠯᠡᠭᠰᠡᠨ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠪᠠ ᠰᠢᠯᠭᠠᠨ ᠬᠢᠨᠠᠵᠤ ᠦᠨᠡᠯᠡᠨ | ᠵᠢᠱᠢᠬᠦ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠬᠦ ᠬᠡᠷᠡᠭᠲᠡᠶ ᠭᠡᠵᠦ ᠱᠠᠭᠠᠷᠳᠠᠪᠠ᠃ ᠣᠯᠠᠨ ᠵᠢᠯ ᠤᠨ | ᠲᠤᠷᠰᠢ᠂ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠢ ᠣᠷᠣᠨ ᠨᠤᠲᠤᠭ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠶ ᠠᠭᠤᠰᠤᠯᠴᠠᠵᠤ᠂ ᠵᠢᠵᠢᠭ ᠪᠤᠲᠠᠷᠬᠠᠢ | ᠨᠠᠷᠢᠯᠢᠭ ᠵᠦᠢᠯ ᠠᠴᠠ ᠭᠠᠷᠳᠠᠨ ᠬᠢᠬᠦ ᠶᠢ ᠪᠠᠷᠢᠮᠲᠠᠯᠠᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ | ᠣᠷᠣᠨ ᠮᠠᠯᠴᠢᠨ ᠲᠠᠷᠢᠶᠠᠴᠢᠨ︾ ᠪᠣᠯᠤᠨ ᠣᠷᠣᠨ ᠨᠤᠲᠤᠭ ᠤᠨ ᠪᠣᠳᠠᠲᠤ ᠴᠣᠭᠴᠠ ᠶᠢᠨ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠰᠡᠭᠡᠷ ᠢᠷᠡᠵᠡᠢ᠃ | 2019 ᠣᠨ ᠳᠤ ᠪᠠᠶᠢᠭᠤᠯᠤᠭᠳᠠᠭᠰᠠᠨ ᠰᠥᠨᠢᠳ ᠪᠠᠷᠠᠭᠤᠨ ᠬᠤᠰᠢᠭᠤᠨ ᠤ ᠬᠤᠤᠰ ᠪᠥᠬᠦᠲᠦ ᠲᠡᠮᠡᠭᠡ | ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ ᠪᠣᠯ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ | ᠬᠤᠯᠪᠣᠭᠠᠲᠤ ᠬᠤᠷᠰᠢᠶ᠎ᠠ ᠶᠢᠨ ᠭᠤᠤᠯᠳᠠᠯᠭ᠎ᠠ ᠲᠠᠢ ᠳᠡᠮᠵᠢᠭᠰᠡᠭᠡᠷ ᠢᠷᠡᠭᠰᠡᠨ ᠬᠤᠷᠰᠢᠶᠠᠵᠢᠯ ᠪᠣᠯᠤᠨ᠎ᠠ ᠂ ᠬᠤᠷᠰᠢᠶᠠᠵᠢᠯ | ᠨᠢ ᠲᠠᠰᠤᠷᠠᠯᠲᠠ ᠥᠬᠡᠶ ᠪᠤᠵᠠᠭᠠᠶᠢᠷᠠᠵᠤ᠂ ᠣᠲᠣ 680 ᠭᠠᠷᠤᠶ ᠲᠡᠮᠡᠭᠡ ᠲᠠᠢ ᠪᠤᠯᠵᠤ᠂ ᠠᠩᠬ᠎ᠠ ᠪᠠᠶᠢᠭᠤᠯᠤᠭᠳᠠᠬᠤ | ᠦᠶ᠎ᠡ ᠶᠢᠨ ᠬᠢ ᠠᠴᠠ ᠪᠠᠨ ᠬᠤᠶᠠᠷ ᠳᠠᠬᠢᠨ ᠨᠡᠮᠡᠭᠳᠡᠵᠦ᠂ ᠵᠢᠯ ᠪᠦᠷᠢ 50 ᠭᠠᠷᠤᠶ ᠲᠡᠮᠡᠭᠡ ᠬᠤᠳᠠᠯᠳᠤᠵᠤ᠂ 20 | ᠭᠠᠷᠤᠶ ᠲᠣᠨ ᠢᠩᠭᠢᠨ ᠰᠦ ᠪᠣᠷᠣᠯᠠᠭᠤᠯᠵᠤ᠂ ᠣᠷᠣᠯᠭ᠎ᠠ ᠨᠢ ᠴᠦ ᠡᠬᠢᠨ ᠤ ᠦᠶ᠎ᠡ ᠶᠢᠨ ᠬᠢ ᠠᠴᠠ ᠬᠤᠶᠠᠷ ᠳᠠᠬᠢᠨ | ᠨᠡᠮᠡᠭᠳᠡᠭᠰᠡᠨ ᠢᠶᠠᠷ ᠪᠠᠷᠠᠬᠤ ᠦᠭᠡᠢ ᠪᠥᠬᠦ ᠰᠤᠮᠤᠨ ᠤ 260 ᠡᠷᠦᠬᠡ᠂ 600 ᠭᠠᠷᠤᠶ ᠶᠠᠳᠠᠭᠤ ᠠᠴᠠ | ᠠᠩᠭᠢᠵᠢᠷᠠᠭᠰᠠᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠡᠢ᠃ | ᠰᠤᠷᠪᠤᠯᠵᠢᠯᠠᠭ᠎ᠠ᠄ ᠰᠥᠨᠢᠳ ᠪᠠᠷᠠᠭᠤᠨ ᠬᠤᠰᠢᠭᠤᠨ ᠤ ᠬᠤᠤᠰ ᠪᠥᠬᠦᠲᠦ ᠲᠡᠮᠡᠭᠡ ᠲᠡᠵᠢᠭᠡᠨ ᠦᠷᠡᠵᠢᠭᠦᠯᠬᠦ | ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠲᠠᠨ ᠪᠤᠶᠠᠨᠬᠡᠰᠢᠭ᠄ ᠬᠤᠷᠰᠢᠶᠠᠵᠢᠯ ᠤᠨ ᠬᠥᠭᠵᠢᠯᠲᠡ ᠶᠢᠨ ᠬᠠᠮᠤᠭ ᠤᠨ | ᠬᠦᠴᠢᠷᠲᠡᠶ ᠦᠶ᠎ᠡ ᠳᠤ ᠢᠲᠡᠭᠡᠮᠵᠢ ᠶᠢᠨ ᠬᠤᠷᠰᠢᠶ᠎ᠠ ᠪᠢᠳᠡᠨ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠭᠰᠠᠨ | ᠪᠥᠭᠡᠳ ᠬᠦᠦ ᠮᠥᠩᠭᠦ ᠶᠢᠨ ᠨᠣᠷᠮ᠎ᠠ ᠶᠢ ᠰᠠᠨᠠᠭᠠᠴᠢᠯᠠᠭ᠎ᠠ ᠠᠴᠠ ᠪᠠᠨ ᠪᠠᠭᠤᠷᠠᠭᠤᠯᠵᠤ᠂ ᠪᠢᠳᠡᠨ ᠤ ᠪᠠᠯᠠ ᠮᠥᠩᠭᠦ | ᠶᠢᠨ ᠬᠦᠴᠢᠷᠳᠡᠯ ᠢ ᠨᠠᠮᠳᠠᠭᠠᠭᠰᠠᠨ ᠶᠤᠮ᠂ ᠪᠠᠰᠠ ᠪᠢᠳᠡᠨ ᠢ ᠬᠠᠪᠰᠤᠷᠤᠨ ᠪᠦᠲᠦᠭᠡᠭᠳᠡᠬᠦᠨ ᠢ ᠪᠣᠷᠣᠯᠠᠭᠤᠯᠵᠤ᠂ | ᠪᠣᠷᠣᠯᠠᠭᠤᠯᠭ᠎ᠠ ᠶᠢᠨ ᠵᠠᠮ ᠢ ᠨᠡᠭᠡᠭᠡᠭᠰᠡᠨ ᠪᠠᠶᠢᠨ᠎ᠠ᠂ ᠬᠤᠷᠰᠢᠶᠠᠵᠢᠯ ᠤᠨ ᠥᠨᠥᠳᠦᠷ ᠤᠨ ᠬᠥᠭᠵᠢᠯᠲᠡ ᠨᠢ ᠢᠲᠡᠭᠡᠮᠵᠢ | ᠶᠢᠨ ᠬᠤᠷᠰᠢᠶ᠎ᠠ ᠶᠢᠨ ᠪᠢᠳᠡᠨ ᠳᠤ ᠦᠵᠡᠭᠦᠯᠦᠭᠰᠡᠨ ᠬᠠᠪᠰᠤᠷᠤᠯᠭ᠎ᠠ ᠪᠠ ᠳᠡᠮᠵᠢᠯᠭᠡ ᠠᠴᠠ ᠰᠠᠯᠵᠤ ᠴᠢᠳᠠᠬᠤ ᠥᠬᠡᠶ | ᠶᠤᠮ᠃ | ᠡᠳᠦᠭᠡ᠂ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠮᠥᠨ ᠬᠦ ᠤᠭ | ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠮ ᠨᠢᠭᠡ ᠠᠯᠬᠤᠮ | ᠪᠣᠳᠠᠲᠠᠶ ᠠᠵᠢᠯᠯᠠᠵᠤ᠂ ᠪᠤᠳᠠᠲᠦ ᠠᠷᠭ᠎ᠠ ᠬᠡᠮᠵᠢᠶ᠎ᠡ ᠪᠠᠷ ᠢᠶᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠤᠯᠠᠮ | ᠨᠢᠭᠡ ᠠᠯᠬᠤᠮ ᠨᠠᠷᠢᠯᠢᠭ ᠣᠨᠣᠴᠠᠲᠠᠶ ᠪᠠᠷ ᠳᠡᠳᠬᠦᠨ ᠬᠠᠪᠰᠤᠷᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠪᠤᠶᠢᠵᠢᠭᠤᠯᠤᠨ ᠬᠥᠭᠵᠢᠭᠦᠯᠵᠦ᠂ ᠵᠢᠵᠢᠭ ᠪᠢᠴᠢᠯ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠠᠷᠠᠳ ᠤᠯᠠᠨ ᠳᠤ ᠳᠥᠭᠦᠮ ᠦᠵᠡᠭᠦᠯᠵᠦ᠂ ᠰᠢᠯᠢᠳᠡᠭ ᠰᠤᠷᠲᠠᠯ | ᠪᠠ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠤᠮᠤ ᠪᠠᠯᠭᠠᠰᠤ ᠪᠠ ᠭᠠᠴᠠᠭ᠎ᠠ ᠲᠣᠰᠬᠤᠨ ᠳᠤ ᠲᠦᠭᠡᠮᠡᠯ | ᠬᠠᠷᠠᠭᠠᠯᠵᠠᠯᠲᠤ ᠮᠥᠩᠭᠦᠨ ᠭᠦᠶᠯᠭᠡᠭᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠮᠥᠩᠭᠦᠨ | ᠭᠦᠶᠯᠭᠡᠭᠡᠨ ᠤ ᠦᠶᠯᠡᠴᠢᠯᠡᠭᠡᠨ ᠤ ᠳᠠᠮᠵᠢᠭᠤᠯᠤᠭᠴᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠭᠴᠢ᠂ ᠦᠨᠳᠦᠰᠦᠲᠡᠨ ᠤ ᠪᠦᠯᠬᠦᠮᠳᠡᠯ ᠤᠨ ᠠᠬᠢᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ | ᠃ | ᠰᠤᠷᠪᠤᠯᠵᠢᠯᠠᠭ᠎ᠠ᠄ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠠᠯᠪᠠᠨ | ᠬᠡᠷ ᠤᠨ ᠠᠵᠢᠯᠲᠠᠨ ᠹᠧᠩ ᠶᠠ ᠨᠠᠨ᠄ ᠨᠠᠮ ᠤᠨ ᠬᠤᠷᠢᠳᠤᠭᠠᠷ ᠶᠡᠭᠡ ᠬᠤᠷᠠᠯ ᠨᠢ ᠬᠥᠮᠦᠰ ᠤᠨ ᠢᠲᠡᠭᠡᠯ ᠵᠤᠷᠢᠭ ᠢ | ᠬᠥᠪᠴᠢᠯᠡᠭᠰᠡᠨ ᠶᠤᠮ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠠᠵᠢᠯᠲᠠᠨ | ᠪᠤᠯᠤᠭᠰᠠᠨ ᠤ ᠬᠤᠪᠢ ᠳᠤ᠂ ᠪᠢ ᠢᠲᠡᠭᠡᠯ ᠪᠢᠰᠢᠷᠡᠯ ᠢᠶᠠᠨ ᠪᠠᠲᠤᠳᠬᠠᠵᠤ᠂ ᠴᠠᠭ ᠦᠶ᠎ᠡ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠮᠥᠩᠭᠦᠨ ᠭᠦᠶᠯᠭᠡᠭᠡᠨ ᠤ ᠦᠶᠯᠡᠴᠢᠯᠡᠭᠡ ᠶᠢ ᠰᠠᠶᠢᠲᠤᠷ ᠬᠢᠬᠦ ᠳᠤ ᠥᠪᠡᠷ ᠤᠨ ᠬᠦᠴᠦᠨ ᠴᠢᠳᠠᠯ ᠢᠶᠠᠨ | ᠡᠷᠭᠦᠨ᠎ᠡ᠃ | 2022 ᠣᠨ ᠳᠤ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠢ ᠣᠷᠣᠨ | ᠨᠤᠲᠤᠭ ᠤᠨ ᠳᠠᠪᠠᠭᠤᠯᠢᠭ ᠤᠨᠴᠠᠯᠢᠬᠳᠤ ᠠᠵᠤ ᠦᠶᠯᠡᠰ ᠤᠨ ᠲᠣᠭᠤᠷᠢᠨ ᠳᠤ ᠮᠠᠯᠴᠢᠨ ᠲᠠᠷᠢᠶᠠᠴᠢᠨ ᠳᠤ | ᠬᠠᠨᠳᠤᠭᠤᠯᠤᠨ ︽ᠭᠠᠩ ᠬᠠᠭᠰᠠᠷᠠᠭᠠᠨ ᠲᠠᠢ ᠲᠡᠮᠡᠴᠡᠬᠦ ᠵᠢᠭᠡᠯᠡᠯᠭᠡ︾᠂ ︽ᠲᠡᠵᠢᠭᠡᠨ ᠦᠷᠡᠵᠢᠭᠦᠯᠬᠦ ᠵᠢᠭᠡᠯᠡᠯᠭᠡ︾ | ᠵᠡᠷᠭᠡ 32 ᠵᠦᠶᠯ ᠤᠨ ᠤᠨᠴᠠᠯᠢᠬᠳᠤ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠭᠠᠷᠭᠠᠵᠤ᠂ 28 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠮᠠᠨ ᠤ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ | ᠪᠣᠯᠤᠨ ᠮᠠᠯᠴᠢᠨ ᠲᠠᠷᠢᠶᠠᠴᠢᠨ ᠡᠷᠦᠬᠡ ᠳᠤ ᠳᠥᠭᠦᠮ ᠦᠢᠯᠡᠴᠢᠯᠡᠭᠡ ᠦᠵᠡᠭᠦᠯᠦᠭᠰᠡᠨ ᠪᠠᠶᠢᠨ᠎ᠠ᠃ ᠡᠭᠦᠨ ᠤ ᠬᠠᠮᠲᠤ | ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠠᠵᠤ ᠠᠬᠤᠶᠢᠯᠠᠯ ᠤᠨ ᠨᠡᠶᠢᠭᠡᠮ ᠤᠨ | ᠬᠠᠷᠢᠭᠤᠴᠠᠯᠭ᠎ᠠ ᠶᠢ ᠵᠣᠷᠢᠭᠲᠠᠶ ᠡᠭᠦᠷᠭᠡᠯᠡᠵᠦ᠂ 27 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ | ᠬᠠᠨᠳᠢᠪᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠶᠢᠲᠡ ᠶᠢᠨ ᠠᠰᠠᠷᠠᠮᠵᠢ ᠶᠢᠨ ᠦᠶᠯᠡᠰ ᠢ ᠳᠡᠮᠵᠢᠵᠦ᠂ | ᠪᠣᠳᠠᠲᠤ ᠴᠣᠭᠴᠠᠲᠤ ᠠᠵᠤ ᠠᠬᠤᠶ ᠳᠤ 45 ᠲᠦᠮᠡᠨ ᠲᠥᠭᠦᠷᠢᠭ ᠤᠨ ᠠᠰᠢᠭ ᠤᠯᠭᠤᠵᠤ᠂ ᠣᠶᠢᠷ᠎ᠠ ᠶᠢᠨ 3 ᠵᠢᠯ | ᠳᠤ ᠨᠡᠶᠢᠲᠡ 2700 ᠭᠠᠷᠤᠶ ᠲᠦᠮᠡᠨ ᠲᠥᠭᠦᠷᠢᠭ ᠤᠨ ᠭᠠᠶᠢᠯᠢ ᠲᠤᠰᠢᠶᠠᠭᠰᠠᠨ ᠪᠠᠶᠢᠨ᠎ᠠ᠃ 2023 ᠣᠨ ᠳᠤ᠂ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ | ᠶᠢᠨ ᠥᠭᠡᠷᠡᠴᠢᠯᠡᠯᠲᠡ ᠶᠢ ᠲᠦᠷᠭᠡᠳᠬᠡᠨ᠎ᠡ︾ ᠭᠡᠵᠦ ᠳᠠᠬᠢᠨᠲᠠ ᠳᠤᠷᠠᠳᠪᠠ᠃ ᠬᠤᠰᠢᠭᠤ ᠬᠥᠳᠡᠭᠡ ᠲᠣᠰᠬᠤᠨ ᠤ | ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠶᠠᠩ ᠠᠶ ᠪᠢᠨ᠂ | ᠥᠭᠡᠷᠡᠴᠢᠯᠡᠯᠲᠡ ᠶᠢᠨ ᠵᠠᠩᠭᠢᠯᠠᠭ᠎ᠠ ᠨᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠳᠤ ᠪᠣᠶ᠂ ᠲᠠᠷᠠᠭᠠᠴᠢ | ᠶᠢᠨ ᠠᠯᠬᠤᠮ ᠳᠤ ᠪᠢᠳᠡ ᠦᠷᠭᠦᠯᠵᠢᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠲᠣᠭᠤᠷᠢᠨ ᠳᠤ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ | ᠭᠦᠶᠯᠭᠡᠭᠡᠨ ᠤ ᠦᠶᠯᠡᠳᠬᠦᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠴᠢᠨᠠᠷ ᠰᠠᠶᠢᠲᠠᠶ ᠮᠥᠩᠭᠦᠨ ᠭᠦᠶᠯᠭᠡᠭᠡᠨ ᠤ | ᠦᠶᠯᠡᠴᠢᠯᠡᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠵᠡᠢ᠃ | ᠰᠤᠷᠪᠤᠯᠵᠢᠯᠠᠭ᠎ᠠ᠄ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠨᠠᠮ ᠤᠨ | ᠬᠤᠷᠢᠶᠠᠨ ᠤ ᠳᠡᠳ᠋ ᠱᠦᠵᠢ ᠶᠠᠩ ᠠᠶ ᠪᠢᠨ᠄ 2023 ᠣᠨ ᠳᠤ᠂ ᠬᠤᠰᠢᠭᠤ ᠬᠥᠳᠡᠭᠡ ᠲᠤᠰᠬᠤᠨ ᠤ ᠢᠲᠡᠬᠡᠮᠵᠢ | ᠶᠢᠨ ᠬᠤᠯᠪᠤᠭᠠᠲᠦ ᠬᠤᠷᠰᠢᠶ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠤᠱᠯᠠᠭᠤᠯᠵᠤ᠂ ᠲᠠᠷᠢᠶᠠᠯᠠᠩ ᠮᠠᠯ ᠠᠵᠤ ᠠᠬᠤᠶ ᠶᠢ ᠳᠡᠮᠵᠢᠬᠦ ᠵᠢᠵᠢᠭ ᠵᠦᠢᠯᠡᠰ ᠠᠴᠠ ᠭᠠᠷᠳᠠᠨ ᠬᠢᠬᠦ ᠵᠠᠬ᠎ᠠ | ᠳᠡᠯᠭᠡᠭᠦᠷ ᠤᠨ ᠪᠠᠶᠢᠷᠢ ᠲᠣᠭᠲᠠᠭᠠᠯᠲᠠ ᠪᠠᠨ ᠦᠷᠭᠦᠯᠵᠢᠯᠡᠨ ᠪᠠᠷᠢᠮᠲᠠᠯᠠᠵᠤ᠂ ᠢᠲᠡᠭᠡᠮᠵᠢᠲᠦ ᠵᠢᠭᠡᠯᠡᠯᠭᠡ ᠶᠢᠨ ᠪᠦᠲᠦᠴᠡ | ᠶᠢ ᠲᠠᠰᠤᠷᠠᠯᠲᠠ ᠥᠬᠡᠶ ᠰᠢᠯᠢᠳᠡᠭᠵᠢᠭᠦᠯᠬᠦ᠂ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ | ᠳᠠᠮᠵᠢᠭᠤᠯᠤᠨ᠂ ᠠᠷᠠᠳ ᠣᠯᠠᠨ ᠳᠤ ᠨᠠᠩ ᠠᠮᠤᠷ ᠲᠦᠪᠰᠢᠨ᠂ ᠨᠠᠩ ᠳᠥᠭᠦᠮ ᠳᠥᠲᠡ᠂ ᠨᠠᠩ ᠬᠠᠯᠠᠭᠤᠨ | ᠳᠤᠯᠠᠭᠠᠨ ᠮᠥᠩᠭᠦᠨ ᠭᠦᠶᠯᠭᠡᠭᠡᠨ ᠤ ᠦᠶᠯᠡᠴᠢᠯᠡᠭᠡ ᠬᠦᠷᠭᠡᠬᠦ ᠪᠤᠯᠤᠨ᠎ᠠ᠃ |