| ᠣᠶᠢᠷ᠎ᠠ ᠶᠢᠨ ᠵᠢᠯ᠂ ᠬᠤᠰᠢᠭᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠦᠢᠯᠡᠴᠢᠯᠡᠭᠡᠨ ᠤ ᠬᠡᠯᠲᠡᠰ ᠳᠡᠭᠡᠳᠦ ᠱᠠᠳᠤᠨ ᠤ ᠬᠤᠯᠪᠤᠭᠳᠠᠯ ᠪᠦᠬᠦᠢ ᠠᠵᠢᠯ ᠤᠨ ᠱᠠᠭᠠᠷᠳᠠᠯᠭ᠎ᠠ ᠪᠠᠷ᠂ | ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠴᠠᠭ ᠤᠷᠳᠤᠳᠬᠠᠨ ᠬᠦᠢᠴᠡᠳᠭᠡᠬᠦ᠂ ᠣᠶᠢᠷ᠎ᠠ | ᠬᠠᠪᠢ ᠳᠤᠨᠢ ᠭᠦᠢᠴᠡᠳᠬᠡᠬᠦ ᠶᠢ ᠦᠷᠭᠦᠯᠵᠢᠯᠡᠨ ᠠᠬᠢᠭᠤᠯᠤᠨ ᠨᠠᠶᠢᠳᠠᠪᠤᠷᠢᠵᠢᠭᠤᠯᠵᠤ᠂ 39 ᠵᠦᠢᠯ ᠤᠨ ᠥᠨᠳᠥᠷ | ᠳᠠᠪᠲᠠᠮᠵᠢᠲᠦ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ | ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠭᠠᠷᠠᠭ ᠤᠨ ᠵᠢᠷᠭᠤᠭᠠᠨ ᠪᠣᠯᠭᠠᠨ ᠤ | ᠦᠳᠡ ᠶᠢᠨ ᠡᠮᠦᠨ᠎ᠡ ᠬᠠᠭᠠᠰ ᠡᠳᠦᠷ ᠨᠡᠮᠡᠨ ᠦᠢᠯᠡᠴᠢᠯᠡᠬᠦ ᠰᠠᠭᠤᠷᠢᠨ ᠳᠡᠭᠡᠷ᠎ᠡ᠂ ᠨᠡᠶᠢᠲᠡ ᠶᠢᠨ ᠬᠤᠷᠠᠮᠳᠤᠭᠤᠯᠭ᠎ᠠ | ᠶᠢᠨ ᠮᠥᠩᠭᠦ ᠶᠢᠨ ᠦᠢᠯᠡᠴᠢᠯᠡᠭᠡ ᠶᠢ ᠦᠨᠳᠦᠰᠦᠨ ᠱᠠᠳᠤᠨ ᠳᠤ ᠬᠦᠷᠳᠡᠯ᠎ᠡ ᠨᠠᠶᠢᠳᠠᠪᠤᠷᠢᠵᠢᠭᠤᠯᠬᠤ ᠶᠢ ᠪᠥᠬᠦ ᠬᠦᠴᠦᠨ | ᠢᠶᠠᠷ ᠠᠬᠢᠭᠤᠯᠵᠤ ᠪᠠᠶᠢᠨ᠎ᠠ᠃ | ᠵᠢᠷᠦᠬᠡ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠲᠢᠩᠬᠢᠮ ᠳᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ | ᠠᠵᠢᠯ ᠬᠦᠢᠴᠡᠳᠭᠡᠭᠦᠯᠬᠦ ᠪᠠ ᠠᠰᠠᠭᠤᠨ ᠯᠠᠪᠯᠠᠬᠤ ᠪᠠᠷ ᠢᠷᠡᠭᠰᠡᠳ ᠮᠥᠷᠯᠡᠨ ᠬᠦᠯᠢᠶᠡᠵᠦ᠂ ᠠᠦ᠋ᠲ᠋ᠤᠴᠢᠯᠠᠭᠰᠠᠨ | ᠦᠢᠯᠡᠴᠢᠯᠡᠬᠡᠨ ᠤ ᠲᠣᠭᠤᠷᠢᠭ ᠲᠤ᠂ ᠳᠤᠬᠠᠶᠢᠯᠠᠭᠰᠠᠨ ᠠᠵᠢᠯ ᠤᠨ ᠴᠢᠳᠠᠪᠤᠷᠢ ᠦᠨᠳᠦᠷ᠂ ᠦᠢᠯᠡᠴᠢᠯᠡᠬᠡᠨ ᠤ | ᠤᠬᠠᠮᠰᠠᠷ ᠢᠶᠠᠷ ᠰᠢᠯᠢᠳᠡᠭ ᠠᠵᠢᠯᠳᠠᠳ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠦ᠋ᠲ᠋ᠤᠴᠢᠯᠠᠭᠰᠠᠨ | ᠦᠢᠯᠡᠴᠢᠯᠡᠬᠡᠨ ᠤ ᠮᠠᠰᠢᠨ ᠢ ᠭᠡᠷᠡᠭᠯᠡᠬᠦ ᠠᠷᠭ᠎ᠠ᠂ ᠠᠯᠬᠤᠮ ᠳᠠᠷᠠᠭ᠎ᠠ᠂ ᠬᠢᠨᠠᠨ ᠬᠠᠷᠭᠤᠭᠤᠯᠬᠤ ᠵᠡᠷᠭᠡ ᠶᠢ ᠵᠢᠭᠠᠵᠤ | ᠳᠣᠲᠣᠨᠣ ᠦᠢᠯᠡᠴᠢᠯᠡᠭᠡ ᠬᠠᠩᠭᠠᠨ᠎ᠠ᠃ | ᠰᠢᠩ ᠶᠤᠸᠠᠨ ᠶᠤᠸᠠᠨ ᠠᠩᠬ᠎ᠠ ᠤᠳᠠᠭ᠎ᠠ ᠮᠠᠰᠢᠨ ᠢᠶᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠲᠤᠬᠠᠶᠢᠯᠠᠭᠰᠠᠨ ᠠᠵᠢᠯ ᠭᠦᠢᠴᠡᠳᠬᠡᠵᠦ ᠪᠠᠶᠢᠨ᠎ᠠ᠃ ᠪᠡᠶ᠎ᠡ ᠶᠢᠨ ᠦᠨᠡᠮᠯᠡᠬᠦ ᠪᠠᠨ ᠮᠠᠰᠢᠨ ᠢᠶᠠᠷ ᠰᠢᠯᠭᠠᠭᠤᠯᠤᠭᠠᠳ ᠨᠢᠭᠡ | ᠮᠢᠨᠦ᠋ᠲ ᠴᠦ ᠪᠣᠯᠣᠯ ᠦᠭᠡᠢ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠠᠷᠢᠨ ᠵᠦᠢᠯᠡᠰ ᠢ | ᠳᠠᠷᠤᠮᠠᠯᠯᠠᠵᠤ᠂ ᠲᠤᠬᠠᠶᠢᠯᠠᠭᠰᠠᠨ ᠠᠵᠢᠯ ᠢᠶᠠᠨ ᠴᠤ ᠭᠦᠢᠴᠡᠳᠬᠡᠵᠦ ᠳᠠᠭᠤᠰᠴᠠᠢ᠃ | ᠰᠤᠷᠪᠤᠯᠵᠢᠯᠠᠭ᠎ᠠ᠄ ᠰᠢᠩ ᠶᠤᠸᠠᠨ ᠶᠤᠸᠠᠨ ︵ᠣᠶᠢᠷ᠎ᠠ ᠳᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠠᠪᠬᠤ ᠪᠠᠷ ᠶᠠᠭᠠᠷᠠᠵᠤ ᠪᠠᠶᠢᠨ᠎ᠠ᠂ ᠪᠠᠯᠭᠠᠰᠤᠨ ᠳᠤ ᠭᠦᠢᠴᠡᠳᠬᠡᠵᠦ | ᠳᠡᠶᠢᠯᠦᠨ᠎ᠡ ᠬᠡᠵᠦ ᠰᠤᠨᠤᠰᠤᠭᠠᠳ ᠢᠷᠡᠵᠡᠢ᠃ ᠡᠯ᠎ᠡ ᠵᠦᠢᠯ ᠤᠨ ᠶᠠᠪᠤᠴᠠ ᠶᠢ ᠶᠡᠭᠡ ᠤᠷᠤᠭᠰᠢᠲᠠᠢ ᠬᠦᠢᠴᠡᠳᠭᠡᠵᠦ᠂ | ᠠᠵᠢᠯᠲᠠᠳ ᠤᠨ ᠲᠠᠶᠢᠯᠤᠮᠵᠢ ᠴᠤ ᠮᠠᠰᠢ ᠨᠠᠷᠢᠯᠢᠭ ᠪᠠᠶᠢᠨ᠎ᠠ᠃ ᠥᠩᠭᠡᠷᠡᠭᠰᠡᠨ ᠳᠤ ᠪᠠᠰᠠ ᠲᠦᠷᠢᠶᠡᠰᠦᠨ ᠮᠠᠰᠢᠨ ᠳᠤ | ᠰᠠᠭᠤᠵᠤ ᠬᠤᠰᠢᠭᠤᠨ ᠳᠤ ᠣᠴᠢᠬᠤ ᠳᠤ ᠮᠠᠰᠢ ᠳᠥᠭᠦᠮ ᠦᠭᠡᠢ ᠪᠠᠶᠢᠭᠰᠠᠨ᠂ ᠡᠨᠡ ᠬᠦ ᠲᠤᠬᠠᠶᠢᠯᠠᠭᠰᠠᠨ ᠠᠵᠢᠯ ᠢ | ᠭᠡᠷ ᠤᠨ ᠢᠶᠠᠨ ᠡᠭᠦᠳᠡᠨ ᠳᠤ ᠬᠦᠢᠴᠡᠳᠭᠡᠵᠦ ᠳᠡᠶᠢᠯᠬᠦ ᠪᠤᠯᠤᠭᠰᠠᠨ ᠨᠢ ᠦᠨᠡᠬᠡᠷ ᠮᠠᠰᠢ ᠰᠠᠶᠢᠨ ᠪᠠᠶᠢᠨ᠎ᠠ᠃︶ | ᠠᠵᠢᠯᠲᠠᠳ ᠳᠤᠬᠠᠶᠢᠯᠠᠭᠰᠠᠨ ᠠᠵᠢᠯ ᠬᠦᠢᠴᠡᠳᠭᠡᠭᠦᠯᠬᠦ ᠪᠠᠷ ᠢᠷᠡᠭᠰᠡᠨ ᠤᠯᠠᠨ ᠲᠦᠮᠡᠨ ᠤ ᠮᠠᠳᠠᠭ ᠲᠠᠢ | ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠬᠦ ᠶᠢᠨ ᠬᠠᠮᠲᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠤᠬᠠᠭᠤᠯᠭ᠎ᠠ ᠶᠢᠨ ᠳᠡᠪᠲᠡᠷ ᠲᠠᠷᠬᠠᠭᠠᠵᠤ ᠲᠡᠳᠡᠨ ᠳᠤ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠣᠯᠠᠨ | ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ᠡᠴᠦᠰ ᠤᠨ ᠨᠢᠭᠡ ᠺᠢᠯᠣᠮᠧᠲᠷ ᠢ ᠦᠨᠡᠨ ᠬᠦ | ᠨᠡᠪᠳᠡᠷᠡᠭᠦᠯᠦᠨ᠂ ᠪᠠᠯᠭᠠᠰᠤᠨ ᠤ ᠤᠯᠠᠨ ᠲᠦᠮᠡᠨ ᠤ ᠬᠦᠷᠢᠶᠡᠯᠡᠯ ᠢ ᠤᠯᠤᠯ᠎ᠠ᠃ | ᠰᠤᠷᠪᠤᠯᠵᠢᠯᠠᠭ᠎ᠠ᠄ ᠬᠤᠰᠢᠭᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠦᠢᠯᠡᠴᠢᠯᠡᠭᠡᠨ ᠤ ᠬᠡᠯᠲᠡᠰ ᠤᠨ ᠡᠷᠬᠢᠯᠡᠭᠴᠢ ᠷᠦᠨ ᠮᠢᠩ ︵3 ᠰᠠᠷ᠎ᠠ ᠶᠢᠨ 8 ᠤ ᠡᠳᠦᠷ᠂ ᠠᠶᠢᠮᠠᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠪᠠᠷ᠂ ᠦᠨᠳᠦᠰᠦᠨ ᠱᠠᠳᠤᠨ ᠳᠤ ᠬᠦᠷᠳᠡᠯ᠎ᠡ | ᠨᠠᠶᠢᠳᠠᠪᠤᠷᠢᠵᠢᠭᠤᠯᠬᠤ ᠨᠢᠭᠡᠳᠦᠯᠲᠡᠢ ᠪᠠᠶᠢᠷᠢᠯᠠᠭᠤᠯᠤᠯᠲᠠ ᠬᠢᠵᠦ᠂ ᠮᠠᠨ ᠤ ᠬᠤᠰᠢᠭᠤᠨ ᠤ ᠬᠥᠮᠥᠨ ᠠᠮᠠ ᠨᠡᠯᠢᠶᠡᠳ | ᠲᠥᠪᠯᠡᠷᠡᠭᠰᠡᠨ ᠵᠢᠷᠦᠬᠡ ᠪᠠᠯᠭᠠᠰᠤᠨ ᠳᠤ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ | ᠶᠢᠨ ᠮᠥᠩᠭᠦ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠ ᠡᠯᠧᠺᠲᠷᠣᠨ ᠲᠠᠮᠠᠭ᠎ᠠ ᠳᠠᠷᠤᠮᠠᠯᠯᠠᠬᠤ ᠴᠢᠳᠠᠮᠵᠢ ᠲᠠᠢ | ᠠᠦ᠋ᠲ᠋ᠤᠴᠢᠯᠠᠭᠰᠠᠨ ᠮᠠᠰᠢᠨ ᠳᠤᠬᠢᠷᠠᠭᠤᠯᠵᠠᠢ᠃ ᠲᠤᠰᠢᠶᠠᠨ ᠬᠠᠳᠠᠭᠠᠯᠠᠭᠤᠯᠤᠭᠴᠢ ᠨᠢ ᠪᠡᠶ᠎ᠡ ᠶᠢᠨ ᠦᠨᠡᠮᠯᠡᠯ ᠢᠶᠠᠨ | ᠰᠢᠯᠭᠠᠨ ᠪᠠᠳᠤᠯᠠᠭᠤᠯᠬᠤ ᠠᠷᠭ᠎ᠠ ᠮᠠᠶ᠋ᠢᠭ ᠢᠶᠠᠷ ᠮᠡᠳᠡᠭᠡ ᠵᠠᠩᠭᠢ ᠪᠠᠨ ᠰᠢᠯᠭᠠᠭᠤᠯᠤᠨ᠂ ᠡᠯᠧᠺᠲᠷᠣᠨ ᠲᠠᠮᠠᠭ᠎ᠠ ᠲᠠᠢ | ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ | ᠬᠠᠳᠠᠭᠠᠯᠠᠭᠤᠯᠬᠤ᠂ ᠭᠠᠷᠭᠠᠨ ᠠᠪᠬᠤ᠂ ᠵᠢᠭᠡᠯᠡᠯᠭᠡ ᠶᠢᠨ ᠨᠠᠷᠢᠨ ᠵᠦᠢᠯᠡᠰ ᠪᠠ ᠲᠤᠰᠢᠶᠠᠨ ᠬᠠᠳᠠᠭᠠᠯᠠᠭᠤᠯᠤᠭᠰᠠᠨ | ᠭᠡᠷᠡᠴᠢ ᠶᠢ ᠳᠠᠷᠤᠮᠠᠯᠯᠠᠬᠤ ᠵᠡᠷᠭᠡ 9 ᠵᠦᠢᠯ ᠤᠨ ᠲᠤᠬᠠᠶᠢᠯᠠᠭᠰᠠᠨ ᠠᠵᠢᠯ ᠢ ᠴᠠᠭ ᠲᠤᠬᠠᠢ ᠳᠤᠨᠢ ᠭᠦᠢᠴᠡᠳᠬᠡᠵᠦ | ᠪᠣᠯᠣᠨ᠎ᠠ᠃ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠦ᠋ᠲ᠋ᠤᠴᠢᠯᠠᠭᠰᠠᠨ ᠮᠠᠰᠢᠨ ᠤ ᠲᠣᠬᠢᠷᠠᠭᠤᠯᠤᠯᠲᠠ ᠨᠢ | ᠦᠨᠳᠦᠰᠦᠨ ᠱᠠᠲᠤᠨ ᠤ ᠰᠤᠮᠤ ᠪᠠᠯᠭᠠᠰᠤ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠳᠠᠨ | ᠣᠯᠠᠨ ᠲᠦᠮᠡᠨ ᠤ ᠣᠶᠢᠷ᠎ᠠ ᠬᠠᠪᠢ ᠳᠠᠭᠠᠨ ᠲᠤᠬᠠᠶᠢᠯᠠᠭᠰᠠᠨ ᠠᠵᠢᠯ ᠬᠦᠢᠴᠡᠳᠭᠡᠬᠦᠯᠬᠦ᠂ ᠠᠰᠠᠭᠤᠨ ᠯᠠᠪᠯᠠᠬᠤ | ᠬᠡᠷᠡᠭᠴᠡᠭᠡ ᠶᠢ ᠬᠠᠩᠭᠠᠵᠤ᠂ ᠣᠯᠠᠨ ᠲᠦᠮᠡᠨ ᠤ ᠨᠠᠰᠢ ᠴᠠᠰᠢ ᠶᠠᠪᠤᠬᠤ ᠳᠤ ᠵᠠᠮ ᠬᠤᠯᠠ᠂ ᠴᠠᠭ ᠣᠷᠳᠣ᠂ ᠵᠠᠷᠤᠳᠠᠯ | ᠶᠡᠭᠡ ᠵᠡᠷᠭᠡ ᠬᠦᠴᠢᠷᠳᠡᠯ ᠢ ᠪᠦᠲᠦᠮᠵᠢᠲᠡᠶ ᠪᠠᠭᠠᠰᠬᠠᠵᠤ ᠴᠢᠳᠠᠨ᠎ᠠ᠃︶ | ᠵᠢᠷᠦᠬᠡ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠪᠣᠯ ᠰᠤᠮᠤ ᠪᠠᠯᠭᠠᠰᠤᠨ ᠤ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠦ᠋ᠲ᠋ᠤᠴᠢᠯᠠᠭᠰᠠᠨ ᠮᠠᠰᠢᠨ ᠢ ᠠᠰᠢᠭᠯᠠᠯᠳᠠ ᠳᠤ ᠤᠷᠤᠭᠤᠯᠤᠭᠰᠠᠨ | ᠠᠩᠬᠠᠨ ᠤ ︽ᠦᠷᠳᠡᠭᠡ︾ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠬᠤᠰᠢᠭᠤ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠬᠡᠯᠲᠡᠰ ᠲᠤᠰᠢᠶᠠᠨ ᠬᠠᠳᠠᠭᠠᠯᠠᠭᠤᠯᠤᠭᠴᠢ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠭᠦᠢᠴᠡᠳᠬᠡᠬᠦ ᠤᠶᠢᠯᠠᠭᠠᠯᠲᠠ ᠪᠠᠯᠠᠷᠬᠠᠢ᠂ ᠵᠠᠮ ᠬᠤᠯᠠ᠂ | ᠴᠠᠭ ᠣᠷᠳᠣ᠂ ᠵᠠᠷᠤᠳᠠᠯ ᠶᠡᠭᠡ ᠵᠡᠷᠭᠡ ᠬᠦᠴᠢᠷ ᠠᠰᠠᠭᠤᠳᠠᠯ ᠳᠤ ᠴᠢᠭᠯᠡᠭᠦᠯᠦᠨ᠂ ︽ᠣᠯᠠᠨ ᠲᠦᠮᠡᠨ ᠳᠤ ᠪᠣᠳᠠᠲᠠᠢ | ᠠᠵᠢᠯ ᠬᠢᠵᠦ ᠥᠭᠬᠦ︾ ᠦᠢᠯᠡᠳᠦᠯᠬᠡ ᠶᠢᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠰᠤᠮᠤ | ᠪᠠᠯᠭᠠᠰᠤ᠂ ᠡᠯ᠎ᠡ ᠬᠦᠷᠢᠶ᠎ᠡ ᠴᠠᠷᠠᠭ᠎ᠠ ᠲᠠᠢ ᠢᠳᠡᠪᠬᠢᠲᠡᠢ ᠪᠠᠷ ᠨᠡᠪᠲᠡᠷᠡᠯᠴᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠬᠦ ᠪᠠ ᠣᠯᠠᠨ ᠲᠥᠰᠥᠯ ᠢ ᠬᠠᠷᠢᠴᠠᠭᠤᠯᠬᠤ ᠪᠠᠷ ᠳᠡᠮᠵᠢᠨ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠠᠦ᠋ᠲ᠋ᠤᠴᠢᠯᠠᠭᠰᠠᠨ ᠮᠠᠰᠢᠨ ᠢ ᠦᠷᠭᠦᠯᠵᠢᠯᠡᠨ ᠪᠤᠰᠤᠳ ᠰᠤᠮᠤ ᠪᠠᠯᠭᠠᠰᠤᠨ ᠳᠤ ᠤᠷᠤᠭᠤᠯᠬᠤ ᠶᠢᠨ ᠬᠠᠮᠲᠤ ᠲᠤᠰᠬᠠᠢ | ᠮᠡᠷᠭᠡᠵᠢᠯ ᠤᠨ ᠠᠵᠢᠯᠲᠠᠨ ᠲᠣᠬᠢᠷᠠᠭᠤᠯᠤᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ | ᠠᠵᠢᠯ ᠤᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠤᠯᠠᠨ ᠲᠦᠮᠡᠨ ᠳᠤ ᠲᠦᠭᠦᠮ ᠦᠵᠡᠭᠦᠯᠬᠦ ᠪᠤᠯᠤᠨ᠎ᠠ | ᠃ |