︽ᠤᠯᠠᠭᠠᠨ ᠪᠣᠭᠴᠣ ᠶᠢᠨ ᠥᠯᠢᠭᠡᠷ︾ ᠢ ᠤᠬᠠᠭᠤᠯᠤᠨ ᠳᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2023/12/26
    ︽ᠤᠯᠠᠭᠠᠨ ᠪᠣᠭᠴᠣ ᠶᠢᠨ ᠥᠯᠢᠭᠡᠷ︾ ᠢ ᠶᠠᠷᠢᠵᠤ᠂ ︽ᠤᠯᠠᠭᠠᠨᠮᠥ᠋ᠴᠢᠷ + ᠤᠯᠠᠭᠠᠨ ᠪᠣᠭᠴᠣ︾ ᠶᠢᠨ ᠰᠤᠷᠤᠯᠴᠠᠯᠭ᠎ᠠ ᠬᠦᠷᠭᠡᠵᠦ ᠠᠷᠠᠳ ᠲᠤ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠭᠪᠤᠷ ᠢ ᠭᠠᠵᠠᠷ ᠪᠣᠯᠭᠠᠨ ᠳᠤ ᠳᠡᠯᠭᠡᠷᠡᠭᠦᠯᠬᠦ ᠶᠢᠨ ᠲᠦᠯᠦᠬᠡ 3 ᠰᠠᠷ᠎ᠠ ᠶᠢᠨ 22 ᠤᠨ ᠡᠳᠦᠷ ᠮᠠᠨ ᠤ ᠬᠤᠰᠢᠭᠤ ︽ᠤᠯᠠᠭᠠᠨ ᠪᠣᠭᠴᠣ ᠶᠢᠨ ᠥᠯᠢᠭᠡᠷ︾ ᠢ ᠤᠬᠠᠭᠤᠯᠤᠨ ᠳᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠡᠬᠢᠯᠡᠬᠦᠯᠦᠯ᠎ᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠦᠩ ᠮᠧᠶ ᠡᠬᠢᠯᠡᠯᠳᠡ ᠶᠢᠨ ᠶᠤᠰᠤᠯᠠᠯ ᠳᠤ ᠵᠢᠭᠠᠭᠰᠠᠨ ᠨᠢ᠂ ︽ᠤᠯᠠᠭᠠᠨ ᠪᠣᠭᠴᠣ︾ ᠤᠬᠠᠭᠤᠯᠤᠨ ᠳᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠶᠢ ᠪᠠᠶᠢᠭᠤᠯᠤᠭᠰᠠᠨ ᠨᠢ ︽ᠤᠯᠠᠭᠠᠨ ᠪᠣᠭᠴᠣ︾ ᠰᠠᠶᠢᠨ ᠳᠤᠷ᠎ᠠ  ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠦᠷᠭᠡᠳᠬᠡᠨ ᠳᠡᠬᠦᠯᠳᠡᠷᠵᠢᠬᠦᠯᠬᠦ ᠶᠢᠨ ᠲᠦᠯᠦᠬᠡ ᠶᠤᠮ᠃ ᠣᠯᠠᠨ ᠢᠶᠠᠷ ᠢᠶᠠᠨ ᠡᠷᠬᠡᠪᠰᠢ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠢ ᠬᠥᠲᠥᠯᠥᠨ ᠵᠢᠯᠤᠭᠤᠳᠬᠤ ᠶᠢ ᠪᠣᠳᠣᠯᠬᠢᠯᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠷᠭ᠎ᠠ ᠬᠡᠯᠪᠡᠷᠢ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠣᠳᠠᠰᠵᠢᠭᠤᠯᠬᠤ᠂ ᠣᠯᠠᠨ ᠲᠦᠮᠡᠨᠴᠢᠯᠡᠬᠦ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠣᠨᠣᠯ ᠤᠨ ᠤᠬᠠᠭᠤᠯᠤᠨ ᠳᠠᠶᠢᠯᠪᠤᠷᠢᠯᠠᠯᠳᠠ ᠥᠷᠨᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠣᠶᠢᠯᠠᠭᠠᠬᠤ ᠳᠤ ᠲᠥᠬᠦᠮ᠂ ᠭᠥᠯᠢᠶᠡᠨ ᠠᠪᠬᠤ ᠳᠤᠷᠠᠳᠠᠢ ᠪᠤᠯᠭᠠᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠰᠤᠮᠤ ᠪᠠᠯᠭᠠᠰᠤ᠂  ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠢᠨ᠎ᠡ ᠬᠦᠴᠦᠨ ᠢ ᠨᠡᠮᠡᠷᠢᠯᠡᠵᠦ᠂ ︽ᠤᠯᠠᠭᠠᠨ ᠪᠣᠭᠴᠣ︾ ᠶᠢᠨ ᠣᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠭᠤᠯᠤᠭᠳᠠᠬᠤᠨ ᠪᠣᠯᠣᠨ ᠬᠡᠯᠪᠡᠷᠢ ᠶᠢ ᠴᠢᠨᠠᠭᠰᠢᠳᠠ ᠪᠠᠶᠠᠯᠢᠭᠵᠢᠭᠤᠯᠵᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠠᠩᠬᠠᠷᠴᠤ ᠣᠷᠤᠯᠴᠠᠬᠤ ᠬᠠᠯᠠᠭᠤᠨ ᠥᠷᠨᠢᠯᠲᠡ ᠶᠢ ᠪᠤᠢ ᠪᠣᠯᠭᠠᠬᠤ ᠬᠡᠷᠡᠭᠲᠡᠢ ᠭᠡᠰᠡᠨ ᠪᠠᠶᠢᠨ᠎ᠠ᠃    ᠬᠤᠷᠠᠯ ᠳᠤ᠂ ︽ᠰᠥᠨᠢᠳ ᠪᠠᠷᠠᠭᠤᠨ ᠬᠤᠰᠢᠭᠤᠨ ᠤ ︿ᠤᠯᠠᠭᠠᠨ ᠪᠣᠭᠴᠣ ᠶᠢᠨ ᠦᠯᠢᠭᠡᠷ﹀ ᠢ ᠤᠬᠠᠭᠤᠯᠤᠨ ᠳᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠬᠤ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠵᠦ᠂ ᠪᠠᠰᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠪᠦᠷᠢᠯᠳᠦᠭᠦᠨ ᠤ ᠲᠥᠯᠥᠭᠡᠯᠡᠭᠴᠢᠳ ᠲᠤ ᠤᠷᠢᠯᠭ᠎ᠠ ᠶᠢᠨ ᠪᠢᠴᠢᠭ ᠭᠠᠷᠳᠠᠭᠤᠯᠪᠠ᠃    ᠰᠤᠷᠪᠤᠯᠵᠢᠯᠠᠭ᠎ᠠ᠄ ︽ᠤᠯᠠᠭᠠᠨ ᠪᠣᠭᠴᠣ︾ ᠤᠬᠠᠭᠤᠯᠤᠨ ᠳᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠨ ᠭᠦᠸᠧ ᠯᠢ ᠶᠦᠨ  ︵ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠳᠡ ᠪᠠᠰᠠ ᠤᠯᠠᠭᠠᠨ ᠪᠣᠭᠴᠣ ᠪᠣᠯᠣᠨ ᠭᠠᠶᠢᠯᠢ ᠶᠢᠨ ᠶᠠᠪᠤᠳᠠᠯ ᠤᠨ ᠪᠣᠳᠠᠲᠤ ᠪᠠᠶᠢᠳᠠᠯ ᠢ ᠤᠶᠠᠯᠳᠤᠭᠤᠯᠵᠤ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠮᠠᠨ ᠤ ︽ᠭᠠᠶᠢᠯᠢ ᠶᠢᠨ ᠶᠠᠪᠤᠳᠠᠯ ᠤᠨ ᠬᠤᠪᠢᠰᠬᠠᠯ ᠤᠨ ᠬᠥᠩᠭᠡᠨ ᠮᠣᠷᠢᠲᠤ ᠴᠡᠷᠢᠭ︾ ᠤᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢᠶᠠᠨ ᠭᠦᠢᠴᠡᠳ ᠪᠠᠳᠠᠷᠠᠭᠤᠯᠵᠤ᠂ ᠭᠠᠶᠢᠯᠢ ᠲᠠᠲᠠᠪᠤᠷᠢ ᠶᠢᠨ ᠰᠠᠶᠢᠨ ᠳᠠᠭᠤᠨ ᠢ ᠭᠦᠨᠵᠡᠭᠡᠢ ᠤᠯᠠᠮᠵᠢᠯᠠᠵᠤ᠂ ᠥᠷᠭᠡᠨ ᠤᠯᠠᠨ ᠭᠠᠶᠢᠯᠢ ᠲᠤᠰᠢᠶᠠᠭᠴᠢᠳ ᠲᠤ ᠨᠡᠩ ᠰᠢᠯᠢᠳᠡᠭ ᠦᠢᠯᠡᠴᠢᠯᠡᠭᠡ ᠬᠠᠩᠭᠠᠨ᠎ᠠ᠃︶    ᠠᠵᠢᠯᠯᠠᠭᠠᠨ ᠤ ᠲᠤᠬᠠᠢ ᠶᠢᠨ ᠲᠠᠯᠠᠪᠠᠶ ᠳᠤ᠂ ᠰᠠᠩᠪᠤᠯᠠᠭ ᠰᠤᠮᠤᠨ ᠤ ︽ᠤᠯᠠᠭᠠᠨ  ᠪᠣᠭᠴᠣ︾  ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠤᠬᠠᠭᠤᠯᠤᠨ ᠲᠠᠶᠢᠯᠪᠤᠷᠢᠯᠠᠭᠴᠢ ᠵᠦ ᠪᠢ ᠶᠢᠩ ︽︿ᠤᠯᠠᠭᠠᠨ ᠪᠣᠭᠴᠣ﹀ ᠶᠢᠨ ᠡᠭᠦᠰᠦᠯ᠂ ᠥᠨᠥᠳᠥᠷ᠂ ᠢᠷᠡᠭᠡᠳᠦᠢ︾ ᠭᠡᠬᠦ ᠭᠤᠷᠪᠠᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ︽ᠤᠯᠠᠭᠠᠨ ᠪᠣᠭᠴᠣ︾ ᠶᠢᠨ ᠥᠯᠢᠭᠡᠷ ᠢ ᠶᠠᠷᠢᠪᠠ᠃ ᠡᠭᠦᠨ ᠤ ᠬᠠᠮᠳᠤ᠂  ᠠᠵᠢᠯᠯᠠᠭᠠᠨ ᠤ ᠬᠤᠪᠢᠶᠠᠷᠢ ᠬᠤᠷᠠᠯ ᠤᠨ ᠲᠠᠯᠠᠪᠠᠶ ᠪᠣᠯᠬᠤ ᠷᠠᠰᠢᠶᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ᠂ ᠦᠷᠭᠡᠨᠳᠡᠯ᠎ᠡ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠯᠪᠤᠷᠢ ᠳᠤ ᠶᠠᠳᠠᠭᠤ ᠶᠢ ᠲᠡᠳᠬᠦᠵᠦ ᠬᠦᠴᠢᠷᠳᠡᠯᠲᠡᠢ ᠶᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠮ ᠳᠠᠬᠢ ᠰᠡᠳᠬᠢᠯ ᠬᠥᠳᠡᠯᠭᠡᠮ᠎ᠡ ᠥᠯᠢᠭᠡᠷ ᠢ ᠲᠣᠰ ᠲᠣᠰ ᠶᠠᠷᠢᠭᠰᠠᠨ ᠪᠠᠶᠢᠨ᠎ᠠ᠃    ᠰᠤᠷᠪᠤᠯᠵᠢᠯᠠᠭ᠎ᠠ᠄ ᠬᠤᠰᠢᠭᠤ ᠡᠪᠯᠡᠯ ᠤᠨ ᠬᠤᠷᠢᠶᠠᠨ ᠤ ᠱᠦᠵᠢ  ᠴᠡᠯᠮᠡᠭ ︵ᠥᠨᠥᠳᠥᠷ ︽ᠤᠯᠠᠭᠠᠨ ᠪᠣᠭᠴᠣ︾ ᠶᠢᠨ ᠦᠯᠢᠭᠡᠷ ᠢ ᠰᠤᠨᠤᠰᠴᠠᠢ᠃ ᠲᠠᠷᠠᠭᠠᠴᠢ ᠶᠢᠨ ᠠᠵᠢᠯ ᠳᠤ ᠪᠢᠳᠡ ᠪᠥᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢᠨ ᠱᠠᠭᠠᠷᠳᠠᠯᠭ᠎ᠠ ᠳᠤ ᠰᠠᠭᠤᠷᠢᠯᠠᠨ᠂ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠨᠠᠷᠠᠲᠤ ᠲᠡᠮᠳᠡᠭ ᠢᠶᠠᠷ ᠭᠠᠷᠳᠠᠴᠠ ᠪᠣᠯᠭᠠᠵᠤ᠂ ᠨᠠᠷᠢᠨ ᠬᠢᠨᠠᠮᠠᠭᠠᠢ ᠲᠥᠯᠥᠪᠯᠡᠵᠦ᠂ ᠣᠯᠠᠨ ᠬᠡᠯᠪᠡᠷᠢ᠂ ᠡᠯᠪᠡᠭ ᠪᠠᠶᠠᠯᠢᠭ ᠠᠭᠤᠯᠬᠤᠨ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ︽ ᠬᠤᠪᠢᠰᠬᠠᠯ︾ ᠤᠨ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠪᠣᠶᠢᠵᠢᠭᠤᠯᠤᠨ᠂ ᠬᠤᠪᠢᠰᠬᠠᠯ ᠤᠨ ᠬᠥᠮᠦᠵᠢᠯ ᠤᠨ ᠭᠤᠣᠯ ᠬᠥᠭ ᠠᠶᠠᠰ ᠢ ᠬᠠᠩᠭᠢᠨᠠᠭᠤᠯᠤᠨ᠎ᠠ᠃︶    ᠰᠤᠷᠪᠤᠯᠵᠢᠯᠠᠭ᠎ᠠ᠄ ᠷᠠᠰᠢᠶᠠᠨ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ ᠳᠡᠳ᠋ ᠱᠦᠵᠢ ᠸᠠᠩ ᠬᠤᠩ  ︵︽ᠤᠯᠠᠭᠠᠨ ᠪᠣᠭᠴᠣ︾ ᠶᠢᠨ ᠥᠯᠢᠭᠡᠷ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠮᠠᠨ ᠤ ᠦᠨᠳᠦᠰᠦᠨ ᠱᠠᠲᠤᠨ ᠤ ᠰᠠᠭᠤᠭᠠᠯᠢ ᠠᠷᠠᠳ ᠲᠤ ᠳᠡᠷᠭᠡᠳᠡᠬᠢ ᠰᠠᠶᠢᠨ ᠬᠥᠮᠥᠨ ᠰᠠᠶᠢᠨ ᠶᠠᠪᠤᠳᠠᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠠᠩ ᠢᠯᠡᠭᠦᠦ ᠤᠶᠢᠯᠠᠭᠠᠭᠤᠯᠵᠤ ᠪᠤᠯᠤᠨ᠎ᠠ᠂ ᠬᠤᠶᠢᠰᠢᠳᠠ ᠶᠢᠨ ᠨᠡᠶᠢᠭᠡᠮ ᠲᠣᠭᠤᠷᠢᠭ ᠤᠨ ᠠᠵᠢᠯ ᠳᠤ ᠪᠢᠳᠡ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢᠶᠠᠨ ᠨᠠᠩ ᠰᠠᠶᠢᠨ ᠬᠢᠨ᠎ᠡ᠃︶    ᠣᠶᠢᠯᠠᠭᠠᠭᠰᠠᠨ ᠢᠶᠠᠷ᠂ ︽ᠤᠯᠠᠭᠠᠨ ᠪᠣᠭᠴᠣ︾ ᠶᠢᠨ ᠦᠯᠢᠭᠡᠷ ᠢ ᠤᠬᠠᠭᠤᠯᠤᠨ ᠳᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠨ ᠨᠢ ᠡᠯ᠎ᠡ ᠰᠤᠮᠤ ᠪᠠᠯᠭᠠᠰᠤ᠂ ᠬᠤᠰᠢᠭᠤ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ ᠤᠨ 42 ᠠᠵᠢᠯᠲᠠᠨ ᠢᠶᠠᠷ ᠪᠦᠷᠢᠯᠳᠦᠵᠦ᠂ ︽ᠣᠨᠣᠯ + ᠥᠯᠢᠭᠡᠷ︾ ︽ᠣᠨᠣᠯ + ᠬᠡᠷᠡᠭ ᠤᠨ ᠵᠢᠱᠢᠶ᠎ᠡ︾ ︽ᠣᠨᠣᠯ + ᠳᠦᠷᠰᠦ ᠰᠢᠩᠭᠡᠭᠡᠯᠲᠡ︾ ︽ᠣᠨᠣᠯ + ᠤᠩᠰᠢᠯᠭ᠎ᠠ︾ ᠵᠡᠷᠭᠡ ᠠᠷᠭ᠎ᠠ ᠬᠡᠯᠪᠡᠷᠢ ᠪᠠᠷ ︽ᠤᠯᠠᠭᠠᠨ ᠪᠣᠭᠴᠣ︾ ᠶᠢᠨ ᠥᠯᠢᠭᠡᠷ ᠢ ᠶᠠᠷᠢᠵᠤ᠂ ᠨᠠᠮ ᠤᠨ ᠣᠨᠣᠯ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠮᠡᠷᠭᠡᠵᠢᠯ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠵᠡᠷᠭᠡ ᠶᠢ ᠤᠬᠠᠭᠤᠯᠤᠨ᠂ ᠮᠠᠯᠴᠢᠨ ᠲᠠᠷᠢᠶᠠᠴᠢᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠨ᠂ ᠤᠯᠤᠰ ᠲᠥᠷᠥ ᠶᠢᠨ ᠦᠭᠡ ᠶᠠᠷᠢᠶ᠎ᠠ᠂ ᠣᠨᠣᠯ ᠤᠨ ᠦᠭᠡ ᠶᠠᠷᠢᠶ᠎ᠠ ᠶᠢ ᠣᠯᠠᠨ ᠲᠦᠮᠡᠨ ᠤ ᠦᠭᠡ ᠬᠡᠯᠡ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠦᠨᠡᠨ ᠬᠦ ᠠᠰᠢᠭ ᠬᠦᠷᠳᠡᠭᠡᠬᠦ ᠪᠠᠷ ᠪᠤᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号