ᠰᠠᠩᠪᠤᠯᠠᠭ ᠰᠤᠮᠤᠨ ᠤ ᠴᠠᠭᠠᠬᠤᠰᠤ ᠭᠠᠴᠠᠭ᠎ᠠ ᠡᠪᠡᠰᠦ ᠪᠤᠷᠳᠤᠭ᠎ᠠ ᠬᠤᠪᠢᠶᠠᠷᠢᠯᠠᠵᠤ ᠮᠠᠯᠴᠢᠳ ᠤᠨ ᠰᠡᠳᠬᠢᠯ ᠢ ᠳᠤᠯᠠᠭᠠᠯᠠᠯ᠎ᠠ
ᠨᠡᠶᠢᠲᠡᠯᠡᠭᠰᠡᠨ ᠴᠠᠭ᠄
2023/12/26
    ᠣᠶᠢᠷ᠎ᠠ ᠶᠢᠨ ᠵᠢᠯ ᠳᠤ᠂ ᠰᠠᠩᠪᠤᠯᠠᠭ ᠰᠤᠮᠤᠨ ᠤ ᠴᠠᠭᠠᠬᠤᠰᠤ ᠭᠠᠴᠠᠭ᠎ᠠ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ᠂ ᠮᠠᠯᠴᠢᠳ ᠪᠤᠯᠤᠨ ᠠᠵᠤ ᠠᠬᠤᠶᠢᠯᠠᠯ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠭᠠᠴᠠᠭᠠᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ ᠪᠠᠶᠢᠨ᠎ᠠ᠃    ᠬᠠᠪᠤᠷ ᠤᠨ ᠤᠯᠠᠷᠢᠯ ᠤᠨ ᠬᠠᠰᠢᠶᠠᠯᠠᠭ᠎ᠠ ᠡᠬᠢᠯᠡᠬᠦ ᠭᠡᠵᠦ ᠪᠠᠶᠢᠭ᠎ᠠ ᠵᠠᠩᠭᠢᠯᠠᠭ᠎ᠠ ᠶᠢᠨ ᠦᠶ᠎ᠡ ᠳᠤ᠂ ᠴᠠᠭᠠᠬᠤᠰᠤ ᠭᠠᠴᠠᠭ᠎ᠠ ᠬᠠᠮᠲᠤ ᠶᠢᠨ ᠠᠵᠤ ᠠᠬᠤᠢ ᠶᠢᠨ ᠣᠷᠣᠯᠭ᠎ᠠ 6.02 ᠲᠦᠮᠡᠨ ᠲᠥᠭᠦᠷᠢᠭ ᠢ ᠠᠰᠢᠭᠯᠠᠨ ᠭᠠᠴᠠᠭᠠᠨ ᠤ ᠪᠠᠶᠢᠩᠭᠤ ᠰᠠᠭᠤᠭ᠎ᠠ 86 ᠡᠷᠦᠬᠡ ᠳᠤ ᠨᠣᠭᠤᠭᠠᠨ ᠳᠠᠷᠤᠰᠢ ᠡᠷᠳᠡᠨᠢ ᠰᠢᠰᠢ ᠬᠤᠪᠢᠶᠠᠵᠤ᠂ ᠮᠠᠯᠴᠢᠳ ᠤᠨ ᠡᠪᠡᠰᠦ ᠪᠣᠷᠳᠤᠭ᠎ᠠ ᠲᠤᠲᠠᠭᠳᠠᠵᠤ ᠪᠠᠶᠢᠭ᠎ᠠ ᠪᠠᠴᠢᠮ ᠪᠠᠶᠢᠳᠠᠯ ᠢ ᠨᠢ ᠨᠠᠮᠳᠠᠭᠠᠨ᠂ ᠮᠠᠯᠴᠢᠳ ᠤᠨ ᠰᠡᠳᠬᠢᠯ ᠢ ᠳᠤᠯᠠᠭᠠᠯᠠᠯ᠎ᠠ᠃    ᠲᠤᠬᠠᠢ ᠶᠢᠨ ᠲᠠᠯᠠᠪᠤᠷ ᠲᠤ᠂ ᠭᠠᠴᠠᠭᠠᠨ ᠤ ᠬᠤᠶᠠᠷ ᠵᠥᠪᠯᠡᠯ᠂ ᠨᠠᠮ ᠤᠨ ᠭᠡᠰᠢᠭᠦᠳ ᠮᠠᠯᠴᠢᠳ ᠢ ᠬᠠᠪᠰᠤᠷᠤᠨ ᠡᠪᠡᠰᠦ ᠪᠣᠷᠳᠤᠭ᠎ᠠ ᠶᠢ ᠠᠴᠢᠶᠠᠯᠠᠨ ᠵᠥᠭᠡᠭᠡᠪᠦᠷᠢᠯᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠠᠷᠢᠨ ᠬᠢᠨᠠᠮᠠᠭᠠᠢ ᠪᠦᠷᠢᠳᠬᠡᠨ ᠬᠠᠷᠭᠤᠭᠤᠯᠵᠤ ᠶᠠᠭᠠᠷᠠᠯᠳᠤᠨ᠎ᠠ᠃ ᠡᠪᠡᠰᠦ ᠪᠤᠷᠳᠤᠭ᠎ᠠ ᠲᠡᠭᠡᠭᠡᠬᠦ ᠪᠠᠷ ᠢᠷᠡᠭᠰᠡᠨ ᠮᠠᠯᠴᠢᠳ᠂ ᠭᠠᠴᠠᠭᠠᠨ ᠤ  ᠬᠢᠨ ᠪᠣᠳᠠᠲᠠᠢ ᠳᠤ ᠰᠠᠭᠤᠷᠢᠯᠠᠨ᠂ ᠡᠪᠡᠰᠦ ᠪᠣᠷᠳᠤᠭ᠎ᠠ ᠲᠦᠭᠡᠭᠡᠬᠦ ᠶᠠᠪᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠵᠣᠯᠭᠠᠭᠤᠯᠵᠤ᠂ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠨ᠂ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ  ᠳᠤᠨᠢ ᠬᠠᠩᠭᠠᠭᠰᠠᠨ ᠳᠤ ᠲᠠᠯᠠᠷᠬᠠᠵᠤ ᠪᠠᠶᠢᠨ᠎ᠠ᠂ ᠨᠠᠮ ᠤᠨ ᠬᠠᠯᠠᠮᠵᠢᠯᠠᠯ ᠳᠤ ᠲᠠᠯᠠᠷᠬᠠᠵᠤ ᠪᠠᠶᠢᠨ᠎ᠠ ᠭᠡᠵᠦ ᠢᠯᠡᠷᠬᠡᠶᠢᠯᠡᠵᠡᠭᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号