ᠠᠰᠠᠷᠠᠮᠵᠢ ᠶᠢᠨ ᠰᠢᠯᠢᠳᠡᠭ ᠦᠢᠯᠡᠴᠢᠯᠡᠭᠡ ᠪᠠᠷ ᠪᠤᠭᠤᠷᠤᠯᠴᠤᠳ ᠲᠤ ᠪᠠᠨ ᠪᠤᠶᠠᠨ ᠡᠳ᠋ᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2023/12/26
    ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ ᠨᠢ ᠨᠠᠰᠤᠲᠠᠶᠢᠴᠤᠳ ᠵᠢᠴᠢ ᠭᠡᠷ ᠪᠦᠯᠢ ᠶᠢᠨ ᠬᠢᠨᠢ ᠵᠤᠯ ᠵᠢᠷᠭᠠᠯ ᠳᠤ ᠬᠤᠯᠪᠤᠭᠳᠠᠬᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠢᠰᠲ᠋ᠧᠮ ᠤᠨ ᠬᠠᠮᠤᠭ ᠤᠨ ᠴᠢᠬᠤᠯᠠ ᠠᠭᠤᠯᠭ᠎ᠠ ᠶᠢᠨ ᠨᠢᠭᠡ ᠪᠣᠯᠣᠨ᠎ᠠ᠃ ᠵᠢᠷᠦᠬᠡ ᠪᠠᠯᠭᠠᠰᠤᠨ ᠤ ᠰᠢᠨ ᠮᠢᠨ ᠨᠡᠶᠢᠭᠡᠮ ᠲᠣᠭᠤᠷᠢᠭ ᠤᠨ ᠬᠢᠨ ᠭᠡᠷ ᠤᠨ ᠡᠭᠦᠳᠡᠨ ᠳᠠᠬᠢ ︽ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠳᠤ ᠬᠦᠷᠢᠶᠡᠯᠡᠩ︾ ᠢ ᠪᠠᠶᠢᠭᠤᠯᠵᠤ᠂ ᠨᠠᠰᠤᠲᠠᠶᠢᠴᠤᠳ  ᠤᠨ ᠠᠰᠠᠷᠠᠮᠵᠢ ᠲᠠᠢ᠂ ᠪᠠᠶᠠᠷ ᠴᠡᠩᠭᠡᠯ ᠲᠠᠢ᠂ ᠲᠦᠰᠢᠭ ᠲᠤᠯᠭᠠᠭᠤᠷᠢ ᠲᠠᠢ᠂ ᠠᠮᠤᠷ ᠠᠮᠤᠭᠤᠯᠠᠩ ᠪᠠᠶᠢᠬᠤ ᠶᠢ ᠦᠨᠡᠨ ᠬᠦ ᠪᠡᠶᠡᠯᠡᠭᠦᠯᠵᠦ᠂ ᠪᠤᠭᠤᠷᠤᠯᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠵᠣᠯ ᠵᠢᠷᠭᠠᠯ ᠢ ᠨᠡᠮᠡᠭᠳᠡᠬᠦᠯᠵᠦ ᠪᠠᠶᠢᠨ᠎ᠠ᠃    ᠥᠷᠯᠥᠭᠡ ᠡᠷᠲᠡ ᠰᠢᠨ ᠮᠢᠨ ᠨᠡᠶᠢᠭᠡᠮ ᠲᠣᠭᠤᠷᠢᠭ ᠤᠨ ᠨᠠᠮ ᠤᠨ  ᠭᠡᠰᠢᠭᠦᠳ ᠤᠯᠠᠭᠠᠨ ᠬᠠᠨᠵᠢᠶᠠᠷ ᠢᠶᠠᠨ ᠡᠮᠦᠰᠦᠨ ᠡᠨᠡ ᠡᠳᠦᠷ ᠤᠨ ᠰᠠᠶᠢᠨ ᠳᠤᠷ᠎ᠠ ᠶᠢᠨ ᠠᠵᠢᠯᠯᠠᠭ᠎ᠠ ᠪᠠᠨ ᠡᠬᠢᠯᠡᠭᠦᠯᠦᠯ᠎ᠡ᠃ ᠥᠨᠥᠳᠥᠷ ᠲᠡᠳᠡ ︽ᠬᠠᠷᠢᠯᠴᠠᠨ ᠬᠠᠪᠰᠤᠷᠤᠯᠴᠠᠬᠤ ᠵᠤᠯ ᠵᠢᠷᠭᠠᠯᠳᠤ ᠬᠦᠷᠢᠶᠡᠯᠡᠩ ᠳᠤ ᠬᠦᠷᠴᠦ ᠨᠠᠰᠤᠲᠠᠶᠢᠴᠤᠳ ᠲᠤ ᠬᠠᠪᠰᠤᠷᠤᠨ ᠭᠡᠷ ᠤᠷᠤᠨ ᠢ ᠨᠢ ᠴᠡᠪᠡᠷᠯᠡᠨ᠂ ᠬᠠᠯᠠᠭᠤᠨ ᠳᠤᠯᠠᠭᠠᠨ ᠢ ᠨᠢ ᠠᠰᠠᠭᠤᠨ᠂ ᠨᠡᠶᠢᠬᠡᠮ ᠨᠡᠶᠢᠳᠡ ᠶᠢᠨ ᠬᠠᠶᠢᠷ᠎ᠠ ᠬᠠᠯᠠᠮᠵᠢ ᠶᠢ ᠮᠡᠳᠡᠷᠡᠬᠦᠯᠦᠯ᠎ᠡ᠃    ᠣᠶᠢᠯᠠᠭᠠᠭᠰᠠᠨ ᠢᠶᠠᠷ᠂ ᠰᠢᠨ ᠮᠢᠨ ᠨᠡᠶᠢᠭᠡᠮ ᠲᠣᠭᠤᠷᠢᠭ ᠤᠨ ᠨᠠᠮ ᠤᠨ ᠡᠭᠦᠷ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ︽ᠯᠧᠢ ᠹᠧᠩ ᠠᠴᠠ ᠰᠤᠷᠤᠯᠴᠠᠵᠤ᠂ ᠰᠢᠨ᠎ᠡ ᠬᠡᠪ ᠰᠤᠷᠲᠠᠯ ᠢ ᠪᠣᠶ ᠪᠤᠯᠭᠠᠶ᠎ᠠ︾᠂ ︽ᠮᠣᠳᠣ ᠳᠠᠷᠢᠵᠤ ᠤᠶᠢᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠤᠶ᠎ᠠ︾᠂ ︽ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ︾᠂ ︽ᠪᠢ ᠲᠠᠨ  ᠳᠤ ᠬᠠᠪᠰᠤᠷᠤᠶ᠎ᠠ ︱ ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠦ ᠲᠥᠷᠦᠭᠳᠡᠯ ᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃    ᠰᠠᠭᠤᠭᠠᠯᠢ ᠠᠷᠠᠳ ᠪᠠᠢ ᠢᠦᠢ ᠾᠧ ︵ᠰᠢᠨ ᠮᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ  ᠤᠨ ᠯᠢᠦ ᠱᠦᠵᠢ ᠶᠢᠨ ᠳᠠᠭᠠᠭᠤᠯᠭ᠎ᠠ ᠪᠠᠷ᠂ ᠵᠢᠯ ᠵᠢᠯ ᠶᠡᠷᠦ ᠠᠴᠠ ᠳᠠᠰᠤᠷᠠᠭ᠎ᠠ ᠦᠭᠡᠢ ᠦᠢᠯᠡᠴᠢᠯᠡᠳᠡᠭ᠂ ᠭᠠᠳᠠᠨ᠎ᠠ ᠬᠤᠭ ᠨᠣᠪᠰᠢ ᠳᠡᠬᠦᠬᠦ᠂ ᠴᠡᠪᠡᠷᠯᠡᠭᠡ ᠬᠢᠬᠦ᠂ ᠨᠠᠰᠤᠲᠠᠶᠢᠴᠤᠳ ᠤᠨ ᠭᠡᠷ ᠲᠤᠨᠢ ᠬᠦᠷᠴᠦ ᠰᠢᠯ ᠳᠤᠭᠤᠰᠤ ᠠᠴᠢᠵᠤ ᠵᠦᠯᠬᠦᠬᠦ᠂ ᠵᠠᠰᠠᠵᠤ ᠰᠡᠯᠪᠢᠬᠦ ᠵᠡᠷᠭᠡ ᠶᠢ ᠪᠦᠷ ᠬᠢᠨ᠎ᠡ᠂ ᠶᠡᠭᠡ ᠰᠠᠶᠢᠨ ᠰᠢᠸ︶    ᠭᠡᠷ ᠲᠤᠨᠢ ᠬᠦᠷᠴᠦ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠠᠴᠠ ᠭᠠᠳᠠᠨ᠎ᠠ᠂ ᠠᠵᠢᠯᠯᠠᠭᠠᠨ ᠤ ᠥᠷᠥᠭᠡᠨ ᠳᠠᠬᠢ ᠵᠤᠭ᠎ᠠ ᠴᠡᠩᠭᠡᠯ ᠨᠢ ᠨᠠᠰᠤᠳᠠᠶᠢᠴᠤᠳ ᠤᠨ ᠬᠤᠪᠢ ᠳᠤ ᠨᠢᠭᠡᠨ ᠪᠠᠶᠠᠷᠲᠤ ᠶᠠᠪᠤᠳᠠᠯ ᠪᠤᠯᠤᠨ᠎ᠠ᠃ ᠬᠠᠮᠳᠤ ᠬᠦᠵᠦᠷ ᠨᠠᠭᠠᠳᠴᠤ᠂ ᠰᠢᠳᠠᠷ᠎ᠠ ᠳᠠᠯᠪᠢᠵᠤ᠂ ᠦᠶ᠎ᠡ ᠶᠢᠨ ᠨᠠᠰᠤᠳᠠᠳ ᠲᠠᠢ ᠪᠠᠨ ᠵᠤᠭᠤᠭᠳᠠᠨ ᠰᠠᠭᠤᠵᠤ ᠤᠶᠢᠳᠬᠠᠷ ᠢᠶᠠᠨ ᠰᠡᠷᠬᠦᠬᠡᠬᠦ ᠨᠢ ᠳᠡᠳᠡᠨ ᠤ ᠬᠤᠪᠢ ᠳᠤ ᠬᠠᠮᠤᠭ ᠤᠨ ᠶᠡᠭᠡ ᠵᠢᠷᠭᠠᠯ ᠪᠠᠶᠢᠯ᠎ᠠ᠃    ᠰᠠᠭᠤᠭᠠᠯᠢ ᠠᠷᠠᠳ ᠼᠦᠢ ᠶᠢᠨ ᠯᠢᠶᠠᠨ ︵  ᠨᠠᠮ ᠤᠨ ᠲᠥᠷᠥ ᠶᠢᠨ ᠪᠣᠳᠣᠯᠭ᠎ᠠ ᠪᠣᠯ ᠮᠠᠰᠢ ᠰᠠᠶᠢᠨ ᠶᠤᠮ᠂ ᠮᠠᠨ ᠤ ᠨᠠᠰᠤᠲᠠᠶᠢᠴᠤᠳ ᠴᠤ ᠮᠠᠰᠢ ᠵᠣᠯ ᠵᠢᠷᠭᠠᠯ ᠲᠠᠢ ᠠᠮᠢᠳᠤᠷᠠᠵᠤ ᠪᠠᠶᠢᠨ᠎ᠠ᠂ ᠢᠳᠡᠬᠦ ᠠᠴᠠ ᠬᠤᠭᠤᠯᠠᠨ ᠭᠡᠷ ᠲᠠᠢ᠂ ᠭᠡᠷ ᠲᠡᠭᠡᠨ ᠬᠠᠷᠢᠭᠠᠳ ᠴᠦ ᠭᠠᠯ ᠲᠦᠯᠡᠬᠦ ᠬᠡᠷᠡᠭ ᠦᠭᠡᠢ᠂ ᠴᠠᠬᠢᠯᠭᠠᠨ ᠲᠠᠢ᠂ ᠤᠰᠤ ᠲᠠᠢ᠂ ᠬᠠᠯᠠᠭᠤᠨ ᠬᠠᠨᠵᠤ ᠲᠠᠢ ᠂ ᠰᠠᠶᠢᠬᠠᠨ ᠪᠠᠶᠢᠨ᠎ᠠ᠃︶    ᠦᠳᠡ ᠶᠢᠨ ᠡᠮᠦᠨ᠎ᠡ ᠶᠢᠨ 11 ᠴᠠᠭ ᠲᠤ᠂ ᠰᠢᠨ ᠮᠢᠨ ᠨᠡᠶᠢᠭᠡᠮ ᠲᠣᠭᠤᠷᠢᠭ ᠤᠨ ᠬᠤᠭᠤᠯᠠᠨ ᠭᠡᠷ ᠲᠤ ᠨᠠᠰᠤᠲᠠᠶᠢᠴᠤᠳ ᠲᠣᠭᠤᠷᠢᠨ ᠰᠠᠭᠤᠵᠤ᠂  ᠠᠮᠳᠠ ᠰᠢᠮᠳᠡ᠂ ᠰᠢᠮ᠎ᠡ ᠳᠡᠵᠢᠭᠡᠯ ᠢ ᠨᠢ ᠰᠢᠨᠵᠢᠯᠡᠬᠦ ᠤᠬᠠᠭᠠᠨᠴᠢ ᠪᠠᠷ ᠳᠤᠬᠢᠷᠠᠭᠤᠯᠤᠭᠰᠠᠨ ᠬᠤᠭᠤᠯᠠ ᠪᠤᠳᠠᠭ᠎ᠠ ᠪᠠᠨ ᠪᠠᠶᠠᠷ ᠬᠦᠷ ᠲᠠᠢ ᠵᠣᠭᠤᠭᠯᠠᠨ᠎ᠠ᠃ ᠨᠠᠰᠤᠲᠠᠶᠢᠴᠤᠳ ᠤᠨ ᠦᠢᠯᠡᠴᠢᠯᠡᠭᠡᠨ ᠤ ᠬᠡᠷᠡᠭᠴᠡᠭᠡ  ᠶᠢ ᠲᠠᠰᠤᠷᠠᠯᠲᠠ ᠦᠭᠡᠢ  ᠬᠠᠩᠭᠠᠵᠤ᠂ ᠪᠦᠬᠦ ᠬᠤᠰᠢᠭᠤᠨ ᠤ ᠨᠠᠰᠤᠳᠠᠶᠢᠴᠤᠳ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠬᠡ᠂ 2022 ᠣᠨ ᠤ 5 ᠰᠠᠷ᠎ᠠ ᠳᠤ᠂  ᠮᠠᠨ ᠤ ᠬᠤᠰᠢᠭᠤ ᠬᠤᠩᠭᠤᠷᠠᠤᠪᠤᠭ᠎ᠠ ᠬᠠᠷᠢᠯᠴᠠᠨ ᠬᠠᠪᠰᠤᠷᠤᠯᠴᠠᠬᠤ ᠵᠤᠯ ᠵᠢᠷᠭᠠᠯᠳᠤ ᠬᠦᠷᠢᠶᠡᠯᠡᠩ  ᠤᠨ ᠨᠠᠰᠤᠲᠠᠶᠢᠴᠤᠳ ᠲᠤ ᠰᠢᠮ᠎ᠡ ᠲᠡᠵᠢᠭᠡᠯ ᠪᠦᠷᠢᠨ ︽ᠬᠤᠭᠤᠯᠠᠨ ᠬᠡᠷ︾ ᠤᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠬᠤᠭᠤᠯᠠ ᠢᠳᠡᠬᠦ ᠠᠰᠠᠭᠤᠳᠠᠯ ᠢ ᠰᠢᠢᠳᠪᠦᠷᠢᠯᠡᠵᠦ᠂ ᠪᠥᠬᠦ ᠠᠶᠢᠮᠠᠭ ᠤᠨ ᠠᠩᠬᠠᠳᠠᠭᠴᠢ ᠲᠣᠰᠬᠤᠨ ᠤ ᠲᠠᠰ ᠤᠨ ᠨᠠᠰᠤᠲᠠᠶᠢᠴᠤᠳ ᠤᠨ  ᠬᠤᠭᠤᠯᠠᠨ ᠭᠡᠷ ᠤᠨ ᠦᠢᠯᠡᠴᠢᠯᠡᠭᠡᠨ ᠤ ᠴᠡᠭ ᠪᠣᠯᠤᠭᠰᠠᠨ ᠪᠠᠶᠢᠨ᠎ᠠ᠃     ᠳᠤᠰ ᠦᠢᠯᠡᠴᠢᠯᠡᠭᠡ ᠨᠢ ︽ᠵᠠᠰᠠᠭ ᠤᠨ ᠣᠷᠳᠣᠨ ᠠᠴᠠ ᠨᠥᠬᠦᠪᠦᠷᠢ ᠥᠭᠴᠦ᠂ ᠬᠤᠪᠢ ᠬᠥᠮᠥᠨ ᠦᠪᠡᠷᠳᠡᠭᠡᠨ ᠲᠤᠰᠢᠶᠠᠬᠤ︾ ᠵᠠᠭᠪᠤᠷ ᠢ ᠬᠡᠷᠡᠭᠯᠡᠨ᠂ ᠨᠠᠰᠤᠳᠠᠶᠢᠴᠤᠳ ᠤᠨ ᠬᠤᠭᠤᠯᠠ ᠢᠳᠡᠬᠦ ᠪᠠᠷᠢᠮᠵᠢᠶ᠎ᠠ ᠶᠢ ᠡᠳᠦᠷ ᠪᠦᠷᠢ 21 ᠲᠥᠭᠦᠷᠢᠭ ᠢᠶᠠᠷ ᠳᠤᠭᠳᠠᠭᠠᠨ᠂ ᠡᠬᠦᠨ ᠳᠤ ᠵᠠᠰᠠᠭ ᠤᠨ ᠣᠷᠳᠣᠨ ᠠᠴᠠ ᠡᠳᠦᠷ ᠪᠦᠷᠢ 12 ᠲᠥᠭᠦᠷᠢᠭ ᠨᠥᠬᠦᠪᠦᠷᠢᠯᠡᠵᠦ᠂ ᠬᠤᠪᠢ ᠬᠥᠮᠥᠨ ᠦᠪᠡᠷᠳᠡᠭᠡᠨ 9 ᠲᠥᠭᠦᠷᠢᠭ ᠳᠤᠰᠢᠶᠠᠨ᠂ ᠨᠠᠰᠤᠲᠠᠶᠢᠴᠤᠳ ᠤᠨ ᠬᠤᠭᠤᠯᠠ ᠢᠳᠡᠬᠦ ᠳᠤ ᠲᠥᠬᠦᠮ ᠪᠥᠭᠡᠳ ᠪᠣᠳᠠᠲᠠᠢ ᠠᠰᠢᠭ ᠬᠦᠷᠳᠡᠭᠡᠭᠰᠡᠨ ᠪᠠᠶᠢᠨ᠎ᠠ᠃    ᠣᠶᠢᠯᠠᠭᠠᠭᠰᠠᠨ ᠢᠶᠠᠷ᠂ ᠰᠢᠨ ᠮᠢᠨ ᠨᠡᠶᠢᠭᠡᠮ ᠲᠣᠭᠤᠷᠢᠭ ᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠳᠤ ᠬᠦᠷᠢᠶᠡᠯᠡᠩ ᠤᠨ ᠰᠠᠭᠤᠭᠠᠯᠢ ᠠᠷᠠᠳ ᠤᠨ  ᠣᠯᠠᠩᠬᠢ ᠨᠢ ᠤᠯᠤᠰ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ᠂ ᠣᠲᠣ 120 ᠡᠷᠦᠬᠡ ᠶᠢᠨ 198 ᠬᠥᠮᠥᠨ ᠪᠠᠶᠢᠨ᠎ᠠ᠃ ᠤᠷᠢᠳ ᠬᠤᠵᠢᠳ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ  163.7 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠣᠲᠣ ᠨᠢᠭᠡᠨᠲᠡ ᠰᠢᠨ ᠮᠢᠨ ᠨᠡᠶᠢᠭᠡᠮ ᠲᠣᠭᠤᠷᠢᠭ ᠤᠨ ᠬᠠᠷᠢᠯᠴᠠᠨ ᠬᠠᠪᠰᠤᠷᠤᠯᠴᠠᠬᠤ ᠵᠤᠯ ᠵᠢᠷᠭᠠᠯᠳᠤ ᠬᠦᠷᠢᠶᠡᠯᠡᠩ ᠤᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠪᠡᠶᠡᠯᠡᠭᠦᠯᠵᠦ᠂ 120 ᠨᠠᠰᠤᠲᠠᠶᠢᠴᠤᠳ ᠤᠨ ᠭᠡᠷ ᠲᠤ ᠲᠥᠪᠯᠡᠷᠡᠭᠦᠯᠦᠨ ᠢᠯᠴᠢ ᠬᠠᠩᠭᠠᠬᠤ ᠰᠢᠰᠲ᠋ᠧᠮ ᠤᠭᠰᠠᠷᠠᠵᠤ᠂ 189  ᠨᠠᠰᠤᠳᠠᠶᠢᠴᠤᠳ ᠤᠨ ᠳᠤᠯᠠᠭᠠᠯᠠᠭ᠎ᠠ ᠶᠢᠨ ᠠᠮᠤᠷ ᠲᠦᠪᠰᠢᠨ᠂ ᠤᠰᠤᠨ ᠬᠤᠭᠤᠯᠠᠢ ᠬᠥᠯᠳᠡᠵᠦ ᠬᠠᠭᠠᠷᠠᠬᠤ᠂ ᠡᠷᠡᠭᠦᠯ ᠬᠠᠮᠠᠭᠠᠯᠠᠯ ᠤᠨ ᠠᠮᠤᠷ ᠲᠦᠪᠰᠢᠨ ᠵᠡᠷᠭᠡ ᠠᠰᠠᠭᠤᠳᠠᠯ ᠢ ᠰᠢᠢᠳᠪᠦᠷᠢᠯᠡᠪᠡ᠃    ᠰᠤᠷᠪᠤᠯᠵᠢᠯᠠᠭ᠎ᠠ᠄ ᠰᠢᠨ ᠮᠢᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠬᠤᠩᠭᠤᠷᠠᠤᠪᠤᠭ᠎ᠠ ᠬᠠᠷᠢᠯᠴᠠᠨ ᠬᠠᠪᠰᠤᠷᠤᠯᠴᠠᠬᠤ ᠵᠤᠯ ᠵᠢᠷᠭᠠᠯᠳᠤ ᠬᠦᠷᠢᠶᠡᠯᠡᠩ ᠤᠨ ᠬᠠᠷᠢᠭᠤᠴᠠᠯᠭᠠᠲᠠᠨ ᠯᠢᠦ ᠵᠢᠶᠦ᠋ᠨ ︵ᠳᠠᠷᠠᠭᠠᠴᠢ ᠶᠢᠨ ᠠᠯᠬᠤᠮ ᠳᠤ᠂ ᠮᠠᠨ ᠤ ᠰᠢᠨ᠎ᠡ ᠴᠠᠭ ᠦᠶ᠎ᠡ ᠶᠢᠨ ᠪᠣᠯᠪᠠᠰᠤᠨ  ᠦᠢᠯᠡᠳᠦᠯᠬᠡ ᠶᠢᠨ ᠰᠠᠶᠢᠨ ᠳᠤᠷ᠎ᠠ ᠶᠢᠨ ᠠᠵᠢᠯᠯᠠᠭ᠎ᠠ  ᠶᠢ ᠰᠠᠶᠢᠨ ᠬᠢᠵᠦ᠂ ᠠᠷᠠᠳ ᠤᠨ ᠲᠥᠯᠥᠭᠡ ᠪᠣᠳᠠᠲᠠᠢ ᠬᠢᠨ᠎ᠡ᠃  ᠨᠢᠭᠡᠳᠦᠭᠡᠷ ᠲᠤ᠂ ᠪᠢᠳᠡ ᠬᠤᠭᠤᠯᠠᠨ ᠭᠡᠷ ᠤᠨ ᠦᠢᠯᠡᠴᠢᠯᠡᠭᠡ ᠪᠠᠨ  ᠦᠷᠭᠦᠯᠵᠢᠯᠡᠨ ᠰᠠᠶᠢᠨ ᠬᠢᠨ᠎ᠡ᠂ ᠤᠴᠢᠷ ᠨᠢ ᠮᠠᠨ ᠤ ᠡᠨᠡ ᠬᠦᠷᠢᠶᠡᠯᠡᠩ ᠤᠨ ᠨᠠᠰᠤᠲᠠᠶᠢᠴᠤᠳ ᠤᠨ ᠳᠤᠮᠳᠠᠴᠢ ᠨᠠᠰᠤ ᠨᠢ ᠪᠦᠷ 80 ᠨᠠᠰᠤᠨ ᠤ ᠤᠷᠴᠢᠮ᠃ 120 ᠡᠷᠦᠬᠡ ᠶᠢᠨ 198 ᠨᠠᠰᠤᠲᠠᠨ ᠲᠠᠢ᠂ ᠣᠳᠣ ᠬᠤᠭᠤᠯᠠᠨ ᠭᠡᠷ ᠤᠨ ᠦᠢᠯᠡᠴᠢᠯᠡᠭᠡ ᠬᠦᠷᠳᠡᠵᠦ ᠪᠠᠶᠢᠭ᠎ᠠ 50 ᠬᠥᠮᠥᠨ ᠪᠠᠶᠢᠨ᠎ᠠ᠃ ᠳᠠᠷᠠᠭᠠᠴᠢ ᠶᠢᠨ ᠠᠯᠬᠤᠮ ᠳᠤ 100 ᠬᠦᠮᠦᠨ ᠪᠣᠯᠭᠠᠨ ᠬᠥᠭᠵᠢᠭᠦᠯᠵᠦ᠂ ᠥᠨᠥᠴᠢᠨ ᠪᠡᠯᠪᠡᠰᠦᠨ ᠨᠠᠰᠤᠲᠠᠨ ᠳᠤ ᠭᠡᠷ ᠪᠦᠯᠢ ᠶᠢᠨ ᠬᠠᠯᠠᠭᠤᠨ ᠳᠤᠯᠠᠭᠠᠨ ᠢ ᠡᠳ᠋ᠯᠡᠬᠦᠯᠦᠨ᠎ᠡ᠂ ᠬᠤᠶᠠᠳᠤᠭᠠᠷ ᠠᠯᠬᠤᠮ ᠳᠤ᠂ ᠪᠢᠳᠡ ᠡᠨᠡ ᠵᠢᠯ ᠪᠡᠭᠡᠵᠢᠩ ᠥᠪᠥᠷ ᠮᠣᠩᠭᠤᠯ ᠤᠨ  ᠬᠠᠮᠳᠤᠷᠠᠯᠴᠠᠭᠠᠨ ᠤ ᠪᠡᠯᠡ ᠮᠥᠩᠭᠦ ᠪᠠᠷ 349 ᠲᠦᠮᠡᠨ ᠲᠥᠭᠦᠷᠢᠭ ᠤᠨ ᠪᠡᠯᠡ ᠣᠷᠣᠭᠤᠯᠵᠤ ᠂ ᠨᠡᠷᠡᠨ ᠤ ᠡᠨᠧᠷᠭᠢ ᠶᠢᠨ ᠬᠠᠪᠳᠠᠰᠤ ᠤᠭᠰᠠᠷᠠᠬᠤ᠂ ᠭᠡᠷ ᠤᠨ ᠣᠷᠣᠢ ᠶᠢ ᠵᠠᠰᠠᠬᠤ ᠂ ᠣᠷᠴᠢᠨ ᠲᠣᠭᠤᠷᠢᠨ ᠢ ᠥᠭᠡᠷᠡᠴᠢᠯᠡᠨ ᠵᠠᠰᠠᠬᠤ ᠠᠴᠠ ᠭᠠᠳᠠᠨ᠎ᠠ ᠪᠠᠰᠠ ᠴᠡᠴᠡᠭ ᠬᠤᠸᠠᠷ ᠳᠠᠷᠢᠵᠠᠢ᠃ ᠬᠤᠵᠢᠮ ᠳᠡᠳᠡᠨ ᠢᠶᠠᠷ ᠨᠣᠭᠤᠭ᠎ᠠ ᠳᠠᠷᠢᠭᠤᠯᠵᠤ᠂ ᠪᠠᠰᠠ ᠨᠡᠷᠡᠨ ᠤ ᠡᠨᠧᠷᠭᠢ  ᠪᠡᠯᠡᠳᠬᠡᠵᠦ᠂ ᠴᠠᠬᠢᠯᠭᠠᠨ ᠭᠠᠷᠭᠠᠵᠤ ᠦᠭᠭᠦᠨ᠎ᠡ᠃ ᠴᠠᠬᠢᠯᠭᠠᠨ ᠤ ᠨᠥᠬᠦᠪᠦᠷᠢ ᠦᠭᠭᠦᠨ᠎ᠡ᠃ ᠤᠴᠢᠷ ᠨᠢ ᠡᠳᠡᠭᠡᠷ ᠨᠠᠰᠤᠳᠠᠶᠢᠴᠤᠳ ᠪᠦᠷ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠣᠯᠣᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠯᠡ ᠲᠦᠰᠢᠵᠦ ᠪᠠᠶᠢᠨ᠎ᠠ᠂ ᠨᠠᠰᠤᠲᠠᠶᠢᠴᠤᠳ ᠲᠤ ᠨᠡᠩ ᠰᠠᠶᠢᠨ ᠠᠮᠢᠳᠤᠷᠠᠯ ᠡᠳ᠋ᠯᠡᠭᠦᠯᠦᠨ᠎ᠡ᠃︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号