︽ᠬᠠᠩᠰᠢ ᠶᠢᠨ ᠡᠳᠦᠷ ᠤᠨ ᠳᠤᠷᠠᠰᠤᠮᠵᠢ︾ ᠠᠵᠢᠯᠯᠠᠭ᠎ᠠ ᠪᠠᠷ ᠠᠬᠠᠮᠠᠳ ᠬᠤᠪᠢᠰᠬᠠᠯᠴᠢᠳ ᠤᠨ ᠦᠯᠢᠭᠡᠷ ᠢ ᠰᠤᠨᠤᠰᠤᠯ᠎ᠠ
ᠨᠡᠶᠢᠲᠡᠯᠡᠭᠰᠡᠨ ᠴᠠᠭ᠄
2023/12/26
    ᠬᠠᠩᠰᠢ ᠶᠢᠨ ᠡᠳᠦᠷ ᠪᠤᠯᠬᠤ ᠳᠠᠰᠢᠷᠠᠮ ᠳᠤ᠂ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠮᠠᠨ ᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢᠶᠠᠷ ᠲᠣᠭᠤᠷᠢᠨ ᠦᠵᠡᠭᠰᠡᠨ ᠤ ᠬᠠᠮᠳᠤ ᠠᠬᠠᠮᠠᠳ ᠬᠤᠪᠢᠰᠬᠠᠯᠴᠢᠳ ᠢ ᠲᠣᠬᠤᠨᠢᠭᠤᠯᠤᠨ ᠬᠤᠪᠢᠰᠬᠠᠯ ᠤᠨ ᠦᠯᠢᠭᠡᠷ ᠢ ᠰᠣᠨᠣᠰᠴᠤ᠂ ᠬᠤᠪᠢᠰᠬᠠᠯ ᠤᠨ ᠭᠧᠨ ᠢ ᠤᠯᠠᠮᠵᠢᠯᠠᠨ᠂ ᠬᠤᠪᠢᠰᠬᠠᠯ ᠤᠨ ᠬᠦᠴᠦᠨ ᠢᠶᠠᠷ ᠵᠤᠷᠢᠭ ᠢᠶᠠᠨ ᠬᠦᠪᠴᠢᠯᠠᠯ᠎ᠠ᠃      ᠬᠤᠰᠢᠭᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ  ᠳᠤ᠂ ᠭᠠᠯ ᠤᠨᠲᠠᠷᠠᠭᠠᠬᠤ ᠠᠵᠢᠯ ᠤᠨ ᠵᠢᠯᠣᠭᠤᠳᠤᠭᠴᠢ ᠪᠠᠶᠢᠯᠳᠤᠭᠴᠢᠳ ᠳᠠᠶᠢᠯᠪᠤᠷᠢᠯᠠᠭᠴᠢ ᠶᠢᠨ ᠨᠢᠮᠪᠠᠢ ᠳᠠᠨᠢᠯᠴᠠᠭᠤᠯᠭ᠎ᠠ ᠪᠠᠷ᠂ ᠬᠠᠭᠤᠴᠢᠨ ᠭᠡᠷᠡᠯ ᠵᠢᠷᠤᠭ᠂ ᠳᠠᠶᠢᠨ ᠤ ᠦᠶ᠎ᠡ ᠶᠢᠨ ᠬᠠᠭᠤᠴᠢᠨ ᠡᠳ᠋ ᠵᠦᠢᠯᠡᠰ᠂ ᠭᠠᠶᠢᠬᠠᠮᠰᠢᠭᠲᠤ ᠣᠨ ᠰᠠᠷ᠎ᠠ ᠶᠢ ᠡᠷᠬᠢᠴᠡᠭᠦᠯᠦᠭᠰᠡᠨ ᠲᠡᠦᠬᠡᠨ ᠬᠡᠷᠡᠭ ᠶᠠᠪᠤᠳᠠᠯ ᠤᠨ ᠳᠤᠬᠠᠢ ᠰᠤᠨᠤᠰᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠤᠨ ᠲᠡᠦᠬᠡ ᠪᠣᠯᠣᠨ ᠭᠡᠷᠡᠯ ᠰᠠᠴᠤᠷᠠᠩᠭᠤᠢ ᠥᠩᠭᠡᠷᠡᠯᠲᠡ ᠶᠢ ᠤᠶᠢᠯᠠᠭᠠᠨ᠂ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠡᠷᠬᠢᠮ ᠳᠡᠭᠡᠳᠦ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠣᠯᠣᠨ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠪᠡᠶᠡᠴᠢᠯᠡᠨ ᠮᠡᠳᠡᠷᠡᠯ᠎ᠡ᠃      ᠳᠠᠷᠠᠭ᠎ᠠ ᠨᠢ᠂ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠯᠣᠭᠤᠳᠤᠭᠴᠢ ᠪᠠᠶᠢᠯᠳᠤᠭᠴᠢᠳ ᠳᠤᠬᠤᠨᠢᠭᠤᠯᠭ᠎ᠠ ᠶᠢᠨ ᠪᠣᠳᠠᠰ ᠠᠪᠴᠤ ᠴᠡᠷᠢᠭ ᠠᠴᠠ ᠬᠠᠯᠠᠭᠳᠠᠭᠰᠠᠨ ᠠᠬᠠᠮᠠᠳ ᠨᠠᠰᠤᠳᠠᠨ ᠳᠠᠪᠠᠭ᠎ᠠ  ᠶᠢᠨ ᠳᠤ ᠬᠦᠷᠴᠦ᠂ ᠳᠡᠬᠦᠨ ᠤ ᠡᠷᠡᠭᠦᠯ ᠴᠢᠬᠢᠷᠠᠭ ᠤᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠣᠶᠢᠯᠠᠭᠠᠵᠤ᠂ ᠳᠤᠬᠤᠨᠢᠭᠤᠯᠭ᠎ᠠ ᠶᠢᠨ ᠪᠤᠳᠠᠰ ᠬᠦᠷᠭᠡᠨ᠂ ᠨᠠᠰᠤᠲᠠᠨ ᠤ ᠳᠡᠷᠭᠡᠳᠡ ᠲᠣᠭᠤᠷᠢᠨ ᠰᠠᠭᠤᠵᠤ᠂ ᠳᠡᠬᠦᠨ ᠤ ᠶᠠᠫᠤᠨ ᠢ ᠡᠰᠡᠷᠭᠦᠴᠡᠬᠦ ᠳᠠᠶᠢᠨ ᠳᠤ ᠤᠷᠤᠯᠴᠠᠵᠤ ᠪᠠᠶᠢᠭᠰᠠᠨ ᠦᠯᠢᠭᠡᠷ ᠢ ᠰᠣᠨᠣᠰᠴᠠᠢ᠃ ᠤᠳᠤ ᠨᠠᠰᠤᠨ ᠰᠡᠭᠦᠳᠡᠷ 91 ᠬᠦᠷᠴᠦ ᠶᠠᠪᠤᠭ᠎ᠠ ᠳᠠᠪᠠᠭ᠎ᠠ ᠨᠠᠰᠤᠲᠠᠨ 16 ᠨᠠᠰᠤᠲᠠᠢ ᠳᠠᠭᠠᠨ ᠢᠷᠠᠭᠤ ᠠᠯᠳᠠᠷᠲᠠᠢ ᠪᠠᠷ ᠴᠡᠷᠢᠭ ᠲᠤ ᠣᠷᠣᠭᠰᠠᠨ ᠤ ᠪᠠᠨ ᠳᠠᠷᠠᠭ᠎ᠠ ᠪᠠᠰᠠ ᠫᠢᠩ ᠶᠢᠨ ᠤ ᠳᠠᠶᠢᠯᠠᠯᠳᠤᠭᠠᠨ ᠳᠤ ᠣᠷᠣᠯᠴᠠᠵᠤ ᠥᠩᠭᠡᠷᠡᠵᠡᠢ᠃ ᠲᠤᠬᠠᠢ ᠶᠢᠨ ᠦᠶ᠎ᠡ ᠶᠢᠨ ᠪᠠᠶᠢᠳᠠᠯ ᠢᠶᠠᠨ ᠡᠷᠭᠢᠴᠡᠭᠦᠯᠬᠦ ᠳᠤ᠂ ᠳᠠᠪᠠᠭ᠎ᠠ ᠨᠠᠰᠤᠳᠠᠨ ᠤ ᠨᠢᠳᠤᠨ ᠳᠤ ᠣᠮᠣᠭᠰᠢᠯ ᠤᠨ ᠤᠴᠢ ᠬᠢᠯᠠᠯᠵᠠᠨ ᠴᠡᠷᠢᠭ ᠬᠦᠮᠦᠨ ᠤ ᠢᠷᠠᠭᠤ ᠠᠯᠳᠠᠷ ᠢᠶᠠᠷ ᠢᠶᠠᠨ ᠪᠠᠭ᠋ᠠᠳᠤᠨ᠎ᠠ᠃ ︽ᠪᠠᠶᠢᠯᠳᠤᠭᠠᠨ ᠤ ᠲᠠᠯᠠᠪᠤᠷ ᠲᠤ ᠵᠥᠪᠬᠡᠨ ᠦᠬᠦᠵᠦ ᠰᠡᠭᠡᠬᠦ ᠶᠠᠪᠤᠳᠠᠯ ᠯᠡ ᠪᠠᠶᠢᠳᠠᠭ᠂ ᠬᠡᠷᠪᠡ ᠪᠠᠶᠢᠯᠳᠤᠭᠴᠢᠳ ᠴᠢᠰᠤ ᠪᠠᠨ ᠤᠷᠤᠰᠬᠠᠨ ᠠᠮᠢ ᠪᠠᠨ ᠦᠷᠡᠭᠳᠡᠭᠦᠯᠦᠭᠰᠡᠨ ᠦᠭᠡᠢ ᠪᠣᠯ ᠤᠳᠤ ᠶᠢᠨ ᠰᠠᠶᠢᠨ ᠠᠮᠢᠳᠤᠷᠠᠯ ᠢ ᠰᠣᠯᠢᠵᠤ ᠳᠡᠶᠢᠯᠬᠦ ᠦᠭᠡᠢ ᠶᠤᠮ᠃ ᠮᠠᠰᠢ ᠤᠯᠠᠨ ᠲᠠᠶᠢᠴᠢᠨ ᠨᠥᠬᠦᠳ ᠮᠠᠨᠢ ᠴᠥᠮ ᠲᠠᠶᠢᠨ ᠤ ᠲᠠᠯᠠᠪᠤᠷ ᠲᠤ ᠠᠮᠢ ᠦᠷᠡᠭᠳᠡᠵᠡᠢ᠃ ᠵᠠᠷᠢᠮ ᠬᠥᠮᠥᠨ ᠳᠤᠷᠠᠲᠠᠶ᠎ᠠ ᠥᠪᠡᠷ ᠢ ᠪᠠᠨ ᠦᠷᠡᠭᠳᠡᠬᠦᠯᠦᠨ ᠲᠠᠶᠢᠴᠢᠨ ᠨᠥᠬᠦᠳ ᠢᠶᠠᠨ ᠬᠠᠮᠠᠭᠠᠯᠠᠵᠤ᠂ ᠤᠯᠤᠰ ᠣᠷᠣᠨ ᠢᠶᠠᠨ ᠬᠠᠮᠠᠭᠠᠯᠠᠨ᠎ᠠ᠃ ᠦᠪᠡᠷ ᠢᠶᠠᠨ ᠠᠮᠢᠳᠤ ᠦᠯᠡᠳᠡᠵᠦ ᠰᠠᠶᠢᠨ ᠰᠠᠶᠢᠬᠠᠨ ᠨᠡᠶᠢᠭᠡᠮ ᠢ ᠬᠠᠷᠠᠵᠤ ᠪᠠᠶᠢᠭ᠎ᠠ ᠨᠢ ᠠᠵᠠ ᠶᠤᠮ︾ ᠭᠡᠮᠡᠨ ᠳᠠᠪᠠᠭ᠎ᠠ ᠨᠠᠰᠤᠳᠠᠨ ᠪᠠᠰᠠ ᠳᠠᠶᠢᠨ ᠤ ᠳᠠᠯᠠᠪᠤᠷ ᠲᠤ ᠠᠮᠢ ᠦᠷᠡᠭᠳᠡᠭᠰᠡᠨ ᠳᠠᠶᠢᠴᠢᠨ ᠬᠠᠨᠢᠳᠠᠳ ᠢᠶᠠᠨ ᠳᠤᠷᠠᠰᠤᠨ ᠶᠠᠷᠢᠨ᠎ᠠ᠃       ᠲᠠᠶᠢᠨ ᠳᠠᠭᠤᠰᠤᠭᠰᠠᠨ ᠤ ᠲᠠᠷᠠᠭ᠎ᠠ᠂ ᠨᠠᠰᠤᠲᠠᠨ ᠴᠤ ᠶᠡᠷᠦ ᠠᠴᠠ ᠥᠪᠡᠷ ᠤᠨ ᠪᠡᠶ᠎ᠡ ᠪᠠᠨ ᠴᠢᠩᠭ᠎ᠠ ᠱᠠᠭᠠᠷᠳᠠᠨ ᠱᠠᠩᠨᠠᠯ ᠬᠦᠬᠢᠬᠦᠯᠦᠯ ᠢᠶᠠᠷ ᠡᠩᠭᠡᠷ ᠢᠶᠠᠨ ᠮᠢᠯᠢᠶᠠᠯᠭᠠᠵᠤ ᠶᠠᠪᠤᠵᠠᠢ᠃ 1949 ᠣᠨ ᠳᠤ ᠮᠣᠷᠢᠲᠤ ᠴᠡᠷᠢᠭ ᠤᠨ ᠳᠥᠷᠪᠡᠳᠦᠭᠡᠷ ᠳ᠋ᠢᠸᠢᠽᠢ ᠳᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠵᠤ᠂ 1971 ᠣᠨ ᠳᠤ ᠬᠤᠰᠢᠭᠤ ᠵᠡᠪᠰᠡᠭᠲᠦ ᠬᠦᠴᠦᠨ ᠤ ᠬᠡᠯᠲᠡᠰ ᠲᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠨ᠂ ᠮᠣᠷᠢᠲᠤ ᠴᠡᠷᠢᠭ ᠤᠨ ᠳ᠋ᠢᠸᠢᠽᠢ ᠳᠤ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠴᠦ ᠱᠠᠩᠨᠠᠯ ᠬᠥᠬᠢᠭᠦᠯᠦᠯ ᠢ ᠣᠯᠠᠨᠲᠠ ᠬᠦᠷᠲᠡᠵᠡᠢ᠃     ᠳᠠᠷᠤᠭ᠎ᠠ ᠪᠠᠶᠢᠯᠳᠤᠭᠴᠢᠳ ᠨᠠᠰᠤᠲᠠᠨ ᠤ ᠲᠤᠬᠠᠢ ᠶᠢᠨ ᠵᠢᠯ ᠤᠨ ᠪᠠᠶᠢᠯᠳᠤᠭᠠᠨ ᠳᠤ ᠣᠷᠣᠯᠴᠠᠭᠰᠠᠨ ᠥᠩᠭᠡᠷᠡᠯᠲᠡ ᠶᠢ ᠰᠣᠨᠣᠰᠴᠤ᠂ ᠴᠢᠰᠤ ᠪᠠᠨ ᠤᠷᠤᠰᠬᠠᠨ ᠡᠷᠡᠯᠬᠡᠭᠯᠡᠨ ᠪᠠᠶᠢᠯᠳᠤᠭᠰᠠᠨ ᠤᠨ ᠴᠠᠭ ᠢ ᠡᠷᠬᠢᠴᠡᠭᠦᠯᠦᠭᠰᠡᠨ  ᠨᠢ  ᠨᠢᠭᠡᠨ ᠤᠳᠠᠭᠠᠨ ᠤ ᠭᠠᠶᠢᠬᠠᠮᠰᠢᠭᠳᠤ ᠬᠢᠴᠢᠶᠡᠯ ᠬᠦᠮᠦᠵᠢᠯ ᠪᠤᠯᠤᠯ᠎ᠠ᠃     ᠰᠤᠷᠪᠤᠯᠵᠢᠯᠠᠭ᠎ᠠ᠄ ᠬᠤᠰᠢᠭᠤ ᠭᠠᠯ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠤᠯᠤᠰ ᠲᠥᠷᠥ  ᠶᠢᠨ ᠵᠢᠭᠠᠨ ᠵᠢᠯᠣᠭᠤᠳᠤᠭᠴᠢ    ᠸᠠᠩ ᠢᠦᠢ ︵ᠠᠬᠠᠮᠠᠳ ᠬᠤᠪᠢᠰᠬᠠᠯᠴᠢᠳ ᠪᠣᠯ ︽ᠲᠡᠦᠬᠡᠨ ᠳᠡᠮᠳᠡᠭᠯᠡᠯ︾ ᠮᠥᠨ᠂ ᠮᠠᠨ ᠤ ᠨᠠᠮ ᠤᠨ ᠬᠥᠭᠵᠢᠨ ᠪᠤᠵᠠᠭᠠᠶᠢᠷᠠᠬᠤ ᠶᠢᠨ ᠭᠡᠷᠡᠴᠢᠯᠡᠭᠴᠢ ᠮᠥᠨ᠃ ᠲᠡᠳᠡᠨ ᠤ ᠶᠠᠷᠢᠭᠰᠠᠨ ᠲᠡᠷᠡᠬᠦ ᠭᠠᠶᠢᠬᠠᠮᠰᠢᠭᠲᠤ ᠣᠨ ᠰᠠᠷ᠎ᠠ ᠶᠢᠨ ᠲᠤᠬᠠᠢ ᠳᠤᠷᠠᠰᠤᠮᠵᠢ ᠶᠢ ᠰᠣᠨᠣᠰᠴᠤ᠂ ᠲᠡᠳᠡᠨ ᠤ ᠬᠡᠬᠦᠳᠡᠭ ᠳᠦᠭᠦᠷᠡᠩ ᠬᠠᠯᠠᠭᠤᠨ ᠴᠢᠰᠤ ᠪᠣᠯᠣᠨ ᠨᠠᠮ ᠳᠠᠭᠠᠨ ᠦᠨᠡᠨᠴᠢ ᠰᠢᠳᠤᠷᠭᠤ᠂ ᠡᠬᠡ ᠤᠯᠤᠰ ᠢᠶᠠᠨ ᠭᠡᠰᠡᠨ ᠬᠠᠶᠢᠷ᠎ᠠ ᠰᠡᠳᠬᠢᠯᠭᠡ ᠶᠢ ᠤᠶᠢᠯᠠᠭᠠᠵᠠᠢ᠃ ᠲᠤᠬᠠᠢ ᠶᠢᠨ ᠲᠠᠯᠠᠪᠤᠷ ᠲᠤ ᠪᠠᠶᠢᠭᠰᠠᠨ ᠵᠢᠯᠣᠭᠤᠳᠤᠭᠴᠢ ᠪᠠᠶᠢᠯᠳᠤᠭᠴᠢᠳ ᠲᠤ ᠨᠢᠭᠡ ᠤᠳᠠᠭᠠᠨ ᠤ ᠭᠦᠨ ᠭᠦᠨᠵᠡᠭᠡᠢ᠂ ᠠᠮᠢᠳᠤᠯᠢᠭ ᠨᠠᠮᠴᠢ ᠴᠢᠨᠠᠷ ᠤᠨ ᠬᠥᠮᠦᠵᠢᠯ ᠪᠣᠯᠣᠨ ᠤᠶᠤᠨ ᠰᠠᠨᠠᠭᠠᠨ ᠤ ᠰᠢᠮ᠎ᠡ ᠶᠢ ᠬᠦᠷᠲᠡᠭᠡᠵᠡᠢ᠃ ᠪᠢᠳᠡ ᠠᠬᠠᠮᠠᠳ ᠨᠢᠭᠡ ᠦᠶ᠎ᠡ ᠶᠢᠨ ᠬᠢᠨ ᠤ ᠬᠤᠪᠢᠰᠬᠠᠯᠴᠢ ᠵᠣᠷᠢᠭ ᠰᠠᠨᠠᠭ᠎ᠠ᠂ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠵᠤᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠬᠠᠲᠠᠭᠤ ᠪᠠᠶᠢᠯᠳᠤᠭᠠᠨ ᠬᠢᠬᠦ᠂ ᠵᠣᠷᠢᠭᠲᠠᠢ ᠪᠠᠷ ᠵᠣᠪᠠᠯᠠᠩ ᠠᠮᠰᠠᠬᠤ᠂ ᠵᠣᠷᠢᠭᠲᠠᠢ ᠪᠠᠷ ᠰᠢᠨ᠎ᠡ ᠵᠠᠮ ᠢ ᠨᠡᠭᠡᠭᠡᠬᠦ᠂ ᠵᠣᠷᠢᠭᠲᠠᠢ ᠪᠠᠷ ᠨᠢᠭᠡᠳᠦᠭᠡᠷ ᠲᠤ ᠣᠷᠣᠬᠤ ᠪᠠᠷ ᠲᠡᠮᠡᠴᠡᠬᠦ ᠲᠦᠷᠪᠡᠨ ᠰᠤᠷᠲᠠᠯ ᠢ ᠦᠷᠬᠦᠯᠵᠢᠯᠡᠨ  ᠪᠠᠳᠠᠷᠠᠭᠤᠯᠤᠨ᠎ᠠ᠃︶     ᠵᠢᠯᠣᠭᠤᠳᠤᠭᠴᠢ ᠪᠠᠶᠢᠯᠳᠤᠭᠴᠢᠳ ᠪᠠᠰᠠ ᠳᠠᠪᠠᠭ᠎ᠠ ᠨᠠᠰᠤᠲᠠᠨ ᠲᠠᠢ ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ᠢ ᠰᠤᠷᠤᠯᠴᠠᠵᠤ᠂ ᠨᠠᠰᠤᠲᠠᠨ ᠤ ᠡᠪ ᠬᠠᠮᠳᠤ ᠨᠠᠮ ᠳᠤ ᠡᠯᠰᠡᠭᠳᠡᠭᠡᠳ 50 ᠵᠢᠯ ᠪᠤᠯᠤᠭᠰᠠᠨ ᠳᠤᠷᠠᠰᠬᠠᠯ ᠤᠨ ᠳᠡᠮᠳᠡᠭ ᠪᠠ ᠬᠠᠭᠤᠴᠢᠨ ᠭᠡᠷᠡᠯ ᠵᠢᠷᠤᠭ ᠢ ᠰᠤᠨᠢᠷᠬᠠᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号