ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠬᠤᠪᠢᠰᠬᠠᠯ ᠤᠨ ᠭᠧᠨ ᠢ ᠦᠶ᠎ᠡ ᠶᠢᠨ ᠦᠶ᠎ᠡ ᠤᠯᠠᠮᠵᠢᠯᠠᠨ᠎ᠠ
ᠨᠡᠶᠢᠲᠡᠯᠡᠭᠰᠡᠨ ᠴᠠᠭ᠄
2023/12/26
    4 ᠰᠠᠷ᠎ᠠ ᠶᠢᠨ 4 ᠤ ᠡᠳᠦᠷ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠬᠠᠮᠲᠤᠷᠠᠨ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ  ᠳᠤᠷᠠᠰᠤᠨ ᠰᠠᠨᠠᠭᠠᠯᠵᠠᠬᠤ ᠠᠵᠢᠯᠯᠠᠭ᠎ᠠ ᠦᠷᠨᠢᠬᠦᠯᠦᠨ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠤᠷᠤᠭᠴᠢᠳ ᠤᠨ ᠲᠡᠦᠬᠡ ᠪᠠᠨ ᠮᠡᠳᠡᠵᠦ ᠡᠬᠡ ᠣᠷᠣᠨ ᠨᠤᠲᠤᠭ ᠤᠰᠤ ᠪᠠᠨ ᠬᠠᠶᠢᠷᠠᠯᠠᠬᠤ ᠴᠢᠩ ᠦᠨᠡᠨᠴᠢ ᠬᠠᠶᠢᠷ᠎ᠠ ᠰᠡᠳᠬᠢᠯᠭᠡ ᠶᠢ ᠤᠯᠠᠮ ᠨᠡᠮᠡᠭᠳᠡᠬᠦᠯᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠦᠩ ᠮᠧᠶ ᠵᠢᠴᠢ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠵᠡᠪᠰᠡᠭᠲᠦ ᠬᠦᠴᠦᠨ ᠤ ᠬᠡᠯᠲᠡᠰ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠪᠦᠭᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃    ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠳᠤᠷᠠᠰᠬᠠᠯ ᠤᠨ ᠬᠥᠰᠢᠶ᠎ᠡ ᠰᠡᠬᠦᠶᠢᠨ ᠰᠦᠨᠳᠡᠷᠯᠡᠵᠦ᠂ ᠤᠯᠠᠨ ᠢᠶᠠᠷ ᠢᠶᠠᠨ ᠲᠥᠪ ᠬᠢᠴᠢᠶᠡᠩᠭᠦᠢ ᠪᠠᠶᠢᠯ᠎ᠠ᠃ ᠰᠦᠷ ᠵᠢᠪᠬᠤᠯᠠᠩᠲᠠᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ︾ ᠪᠠ ᠵᠤᠷᠢᠭ ᠪᠠᠳᠠᠷᠠᠩᠭᠤᠢ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ︾ ᠭᠡᠬᠦ ᠳᠠᠭᠤᠤ ᠤᠳᠠᠲᠠᠯ᠎ᠠ  ᠴᠤᠤᠷᠢᠶᠠᠳᠤᠨ᠂ ᠪᠦᠬᠦᠳᠡᠭᠡᠷ ᠢᠶᠠᠨ ᠳᠤᠷᠠᠰᠬᠠᠯ  ᠤᠨ ᠬᠦᠰᠢᠶᠡᠨ ᠤ ᠡᠮᠦᠨ᠎ᠡ ᠲᠥᠪ ᠬᠢᠴᠢᠶᠡᠩᠭᠦᠢ ᠪᠠᠷ ᠵᠣᠭᠰᠣᠵᠤ᠂ ᠬᠤᠪᠢᠰᠬᠠᠯ ᠤᠨ ᠦᠢᠯᠡᠰ ᠤᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ ᠪᠠᠭᠠᠲᠤᠷᠴᠤᠳ ᠲᠤ ᠪᠠᠨ ᠴᠡᠴᠡᠭᠲᠦ ᠰᠠᠭᠰᠤ ᠪᠠ ᠰᠣᠷᠭᠤᠭ ᠴᠡᠴᠡᠭ ᠬᠦᠷᠭᠡᠵᠦ᠂ ᠨᠠᠮᠠᠨᠴᠢᠯᠠᠨ ᠭᠠᠰᠢᠭᠤᠳᠠᠵᠤ᠂ ᠠᠭᠤᠤ ᠭᠠᠪᠢᠶ᠎ᠠ ᠠᠤᠭ᠎ᠠ ᠵᠢᠳᠬᠦᠯ ᠢ ᠨᠢ ᠳᠤᠷᠠᠰᠤᠨ ᠰᠠᠨᠠᠭᠠᠯᠵᠠᠵᠤ᠂ ᠬᠢᠵᠠᠭᠠᠯᠠᠰᠢ ᠦᠭᠡᠢ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠭᠡᠵᠡᠬᠡᠪᠡ᠃ ᠠᠵᠢᠯᠯᠠᠭ᠎ᠠ ᠳᠤᠮᠳᠠ ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠶᠠᠷᠢᠶ᠎ᠠ ᠬᠢᠵᠦ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠢ ᠵᠠᠯᠭᠠᠮᠵᠢᠯᠠᠬᠤ᠂ ᠪᠠᠭᠠᠲᠤᠷᠯᠢᠭ ᠤᠯᠠᠮᠵᠢᠯᠠᠯ ᠢ ᠪᠠᠳᠠᠷᠠᠭᠤᠯᠬᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠡᠪ ᠬᠠᠮᠲᠤ ᠶᠣᠰᠣᠨ ᠤ ᠵᠠᠯᠭᠠᠮᠵᠢᠯᠠᠭᠴᠢ ᠪᠣᠯᠬᠤ ᠪᠠᠷ ᠲᠡᠮᠡᠴᠡᠬᠦ ᠬᠠᠶᠢᠷ᠎ᠠ ᠰᠡᠳᠬᠢᠯᠭᠡ ᠪᠠᠨ ᠢᠯᠡᠳᠬᠡᠵᠡᠢ᠃    ᠰᠤᠷᠪᠤᠯᠵᠢᠯᠠᠭ᠎ᠠ᠄ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ  ᠨᠠᠮᠤᠭᠤᠨ ︵ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠠᠵᠢᠯᠯᠠᠭ᠎ᠠ ᠮᠠᠰᠢ ᠤᠳᠬ᠎ᠠ ᠠᠭᠤᠯᠭ᠎ᠠ ᠲᠠᠢ᠂ ᠪᠢ ᠬᠢᠯᠪᠡᠷ ᠪᠤᠰᠤ ᠪᠠᠷ ᠢᠷᠡᠭᠰᠡᠨ ᠵᠣᠯ ᠵᠢᠷᠭᠠᠯᠲᠤ ᠠᠮᠢᠳᠤᠷᠠᠯ ᠢᠶᠠᠨ ᠨᠠᠨᠳᠢᠩᠨᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠷ ᠳᠠᠭᠤᠷᠢᠶᠠᠯ ᠪᠣᠯᠭᠠᠵᠤ᠂ ᠢᠳᠡᠪᠬᠢᠲᠡᠢ ᠪᠠᠷ ᠤᠷᠤᠭᠰᠢᠯᠠᠨ ᠲᠠᠪᠰᠢᠨ᠎ᠠ︶    ᠰᠤᠷᠪᠤᠯᠵᠢᠯᠠᠭ᠎ᠠ᠄ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠭᠦᠸᠧ ᠰᠢᠶᠣᠣ ᠸᠧᠢ  ︵ᠪᠢᠳᠡ ᠪᠣᠯ ᠡᠬᠡ ᠤᠯᠤᠰ ᠤᠨ ᠢᠷᠡᠭᠡᠳᠦᠢ ᠪᠠ ᠬᠦᠰᠡᠯ ᠡᠷᠡᠮᠡᠯᠵᠡᠯ ᠮᠥᠨ᠂ ᠡᠬᠡ ᠤᠯᠤᠰ ᠤᠨ ᠰᠢᠨ᠎ᠡ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠪᠢᠳᠡ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠵᠠᠯᠭᠠᠮᠵᠢᠯᠠᠵᠤ ᠰᠠᠶᠢᠲᠤᠷ ᠰᠤᠷᠤᠯᠴᠠᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠬᠦ ᠬᠡᠷᠡᠭᠲᠡᠢ︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号