ᠴᠠᠬᠢᠯᠭᠠᠨ ᠬᠤᠯᠪᠤᠭᠠᠨ ᠤ ᠮᠡᠬᠡᠯᠡᠯ ᠢ ᠬᠤᠷᠢᠭᠯᠠᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2023/12/26
  ᠬᠠᠤᠯᠢ ᠪᠤᠰᠤ ᠡᠲᠡᠭᠡᠳ ᠡᠯᠳᠡᠪ ᠤᠯᠠᠨ ᠮᠥᠩᠭᠦᠨ ᠭᠦᠶᠯᠭᠡᠭᠡᠨ ᠤ ᠮᠡᠬᠡᠯᠡᠯ ᠤᠨ ᠠᠷᠭ᠎ᠠ ᠬᠡᠯᠪᠡᠷᠢ ᠪᠠᠷ ᠬᠦᠮᠦᠰ  ᠢ ᠮᠡᠬᠡᠯᠡᠭᠰᠡᠨ ᠬᠡᠷᠡᠭ ᠢ ᠪᠢᠳᠡ ᠤᠯᠠᠨ ᠰᠤᠨᠤᠰᠳᠠᠭ᠂ ᠢᠯᠡᠩᠭᠤᠶ᠎ᠠ ᠨᠠᠰᠤᠲᠠᠶᠢᠴᠤᠳ ᠤᠨ ᠵᠤᠭᠤᠰ ᠮᠥᠩᠭᠦ ᠶᠢ ᠮᠡᠬᠡᠯᠡᠨ ᠠᠪᠤᠭᠰᠠᠨ ᠬᠡᠷᠡᠭ ᠤᠯᠠᠨ ᠪᠠᠶᠢᠳᠠᠭ᠃ ᠣᠶᠢᠷ᠎ᠠ ᠳᠤ᠂ ᠰᠠᠶᠢᠬᠠᠨᠲᠠᠯ᠎ᠠ ᠪᠠᠯᠭᠠᠰᠤᠨ ᠤ ᠰᠠᠭᠤᠭᠠᠯᠢ ᠠᠷᠠᠳ ᠴᠠᠬᠢᠯᠭᠠᠨ ᠬᠤᠯᠪᠣᠭᠠᠨ ᠤ ᠮᠡᠬᠡᠯᠡᠯ ᠳᠤ ᠤᠴᠠᠷᠠᠭᠠᠳ᠂ ᠪᠠᠩᠬᠢ ᠶᠢᠨ ᠠᠵᠢᠯᠲᠠᠨ ᠤ ᠬᠠᠪᠰᠤᠷᠤᠯᠭ᠎ᠠ ᠪᠠᠷ ᠴᠠᠭ ᠲᠤᠬᠠᠶ  ᠳᠤᠨᠢ ᠬᠤᠬᠢᠷᠠᠯ ᠠᠴᠠ ᠵᠠᠶᠢᠯᠠᠵᠤ ᠴᠢᠳᠠᠭᠰᠠᠨ ᠪᠠᠶᠢᠨ᠎ᠠ᠃

   ᠬᠤᠰᠢᠭᠤ ᠲᠠᠷᠢᠶᠠᠯᠠᠩ ᠤᠨ ᠪᠠᠩᠬᠢ ᠶᠢᠨ ᠶᠡᠭᠡ ᠲᠢᠩᠬᠢᠮ ᠳᠤ᠂ ︽ᠬᠡᠦᠬᠡᠨ ᠡ᠂ ᠨᠠᠳᠠ ᠶᠢ ᠨᠢᠭᠡ

ᠬᠠᠪᠰᠤᠷᠤᠭᠠᠳ ᠥᠭ᠂ ᠬᠦᠦ ᠮᠢᠨᠢ ᠨᠠᠮᠠᠢᠢ 8000 ᠲᠥᠭᠦᠷᠢᠭ ᠶᠠᠪᠤᠭᠤᠯᠤᠭᠠᠳ ᠠᠯᠢ ᠭᠡᠵᠦ ᠪᠠᠶᠢᠨ᠎ᠠ᠂ ᠪᠢ

ᠴᠢᠳᠠᠬᠤ ᠦᠭᠡᠢ᠂ ᠨᠠᠳᠠ ᠳᠤ ᠬᠠᠪᠰᠤᠷᠤᠭᠠᠳ ᠶᠠᠪᠤᠭᠤᠯᠤᠭᠠᠳ ᠥᠭᠭᠦᠨ᠎ᠡ ᠤᠤ︖︾ ᠭᠡᠵᠦ ᠦ᠋ ᠵᠢᠶᠠᠨ ᠫᠢᠩ

ᠨᠠᠰᠤᠲᠠᠨ ᠪᠠᠩᠬᠢ ᠶᠢᠨ ᠠᠵᠢᠯᠲᠠᠨ ᠠᠴᠠ ᠲᠠᠩᠰᠠ ᠰᠢᠯᠵᠢᠭᠦᠯᠬᠦ ᠲᠤᠬᠠᠶᠢᠯᠠᠭᠰᠠᠨ ᠠᠵᠢᠯ ᠢ ᠬᠠᠪᠰᠤᠷᠤᠨ

ᠭᠦᠢᠴᠡᠳᠭᠡᠭᠦᠯᠬᠦ ᠪᠠᠷ ᠭᠤᠶᠤᠴᠢᠯᠠᠪᠠ᠃ ᠨᠠᠰᠤᠲᠠᠨ ᠤ ᠬᠡᠯᠡᠬᠦ ᠪᠠᠷ᠂ ᠥᠷᠯᠥᠭᠡ ᠬᠦᠦ ᠨᠢ ᠪᠠᠴᠢᠮ ᠶᠠᠪᠤᠳᠠᠯ ᠲᠠᠢ

ᠪᠤᠯᠤᠭᠰᠠᠨ ᠠᠴᠠ 8000 ᠲᠥᠭᠦᠷᠢᠭ ᠢ ᠲᠣᠭᠲᠠᠭᠰᠠᠨ ᠪᠠᠩᠬᠢ ᠶᠢᠨ ᠳᠠᠩᠰᠠᠨ ᠳᠤ ᠰᠢᠯᠵᠢᠭᠦᠯᠦᠭᠡᠳ ᠥᠭ ᠭᠡᠰᠡᠨ

ᠸᠢᠴᠠᠲ ᠮᠡᠳᠡᠭᠡ ᠢᠷᠡᠭᠦᠯᠦᠭᠰᠡᠨ ᠪᠠᠶᠢᠨ᠎ᠠ᠃ ᠪᠠᠩᠬᠢ ᠶᠢᠨ ᠠᠵᠢᠯᠲᠠᠨ ᠭᠤᠤ ᠶᠠᠨ ᠨᠠ ᠪᠠᠶᠢᠳᠠᠯ ᠢ ᠤᠶᠢᠯᠠᠭᠠᠭᠠᠳ᠂

ᠴᠠᠬᠢᠯᠭᠠᠨ ᠬᠤᠯᠪᠤᠭᠠᠨ ᠤ ᠮᠡᠬᠡᠯᠡᠯ ᠪᠤᠯᠬᠤ ᠮᠠᠭᠠᠳ ᠭᠡᠵᠦ ᠦᠵᠡᠨ᠂ ᠨᠠᠰᠤᠲᠠᠨ ᠢ ᠤᠷᠢᠳᠠᠪᠡᠷ ᠬᠦᠦ ᠲᠠᠢ ᠪᠠᠨ

ᠤᠲᠠᠰᠤ ᠨᠡᠪᠲᠡᠷᠡᠭᠰᠡᠨ ᠳᠠᠷᠠᠭ᠎ᠠ ᠳᠠᠬᠢᠨ ᠳᠠᠩᠰᠠ ᠰᠢᠯᠵᠢᠭᠦᠯᠬᠦ ᠪᠠᠷ ᠢᠳᠬᠠᠵᠤ᠂ ᠨᠠᠰᠤᠲᠠᠨ ᠢ ᠮᠡᠬᠡᠯᠡᠯ ᠠᠴᠠ

ᠵᠠᠶᠢᠯᠠᠭᠤᠯᠵᠤ ᠴᠢᠳᠠᠭᠰᠠᠨ ᠪᠠᠶᠢᠨ᠎ᠠ᠃ ᠨᠠᠰᠤᠲᠠᠨ᠄ ︽8000 ᠲᠥᠭᠦᠷᠢᠭ ᠨᠢᠭᠡᠨ ᠡᠩ ᠤᠨ ᠭᠡᠷ ᠪᠦᠯᠢ ᠳᠤ

ᠠᠪᠴᠤ ᠬᠡᠯᠡᠪᠡᠯ ᠪᠠᠭ᠎ᠠ ᠵᠤᠭᠤᠰ ᠪᠢᠰᠢ᠂ ᠬᠡᠷᠪᠡ ᠲᠠᠨᠤᠰ ᠣᠯᠵᠤ ᠮᠡᠳᠡᠭᠰᠡᠨ ᠦᠭᠡᠢ ᠪᠣᠯ ᠪᠢ ᠮᠡᠬᠡᠯᠡᠭᠳᠡᠭᠰᠡᠨ ᠪᠠᠶᠢᠬ᠎ᠠ

᠂ ᠲᠠᠨᠠᠷ ᠲᠤ ᠲᠠᠯᠠᠷᠬᠠᠯ᠎ᠠ︾ ᠭᠡᠵᠦ ᠶᠠᠷᠢᠯ᠎ᠠ᠃

    ᠰᠤᠷᠪᠤᠯᠵᠢᠯᠠᠭ᠎ᠠ᠄ ᠬᠤᠰᠢᠭᠤ ᠲᠠᠷᠢᠶᠠᠯᠠᠩ ᠤᠨ ᠪᠠᠩᠬᠢ ᠶᠢᠨ ᠬᠡᠷᠡᠭᠯᠡᠭᠴᠢ ᠶᠢᠨ ᠳᠠᠭᠠᠭᠠᠮᠠᠯ  ᠭᠤᠤ ᠶᠠᠨ ᠨᠠ᠄

ᠤᠶᠢᠷ᠎ᠠ ᠳᠤ ᠡᠶᠢᠮᠦᠷᠬᠦ ᠤᠴᠢᠷ ᠠᠷᠪᠢᠨ ᠭᠠᠷᠴᠤ ᠪᠠᠶᠢᠨ᠎ᠠ᠂ ᠭᠤᠤᠯᠳᠠᠭᠤ ᠲᠠᠪᠢ ᠵᠢᠷᠠᠨ ᠨᠠᠰᠤᠨ ᠠᠴᠠ ᠳᠡᠭᠡᠭᠰᠢᠬᠢ

ᠬᠦᠮᠦᠰ ᠲᠤ ᠲᠥᠪᠯᠡᠷᠡᠵᠦ ᠪᠠᠶᠢᠨ᠎ᠠ᠂ ᠪᠠᠩᠬᠢ ᠶᠢᠨ ᠲᠠᠯ᠎ᠠ ᠠᠴᠠ ᠠᠪᠴᠤ ᠬᠡᠯᠡᠪᠡᠯ᠂ ᠬᠡᠷᠡᠭᠯᠡᠭᠴᠢᠳ ᠢ ᠬᠠᠪᠰᠤᠷᠴᠤ

ᠬᠤᠬᠢᠷᠠᠯ ᠠᠴᠠ ᠵᠠᠶᠢᠯᠠᠭᠤᠯᠬᠤ ᠨᠢ ᠪᠢᠳᠡᠨ ᠤ ᠬᠠᠷᠢᠭᠤᠴᠠᠯᠭ᠎ᠠ ᠶᠤᠮ᠂ ᠦ᠋ ᠵᠢᠶᠠᠨ ᠫᠢᠩ ᠨᠠᠰᠤᠲᠠᠨ ᠤ ᠳᠠᠩᠰᠠ

ᠰᠢᠯᠵᠢᠭᠦᠯᠬᠦ ᠬᠡᠰᠡᠨ ᠨᠣᠮᠧᠷ ᠢ ᠦᠵᠡᠭᠡᠳ ᠰᠡᠵᠢᠭᠯᠡᠭᠰᠡᠨ ᠶᠤᠮ᠂ ᠡᠶᠢᠮᠦᠷᠬᠦ ᠪᠠᠶᠢᠳᠠᠯ ᠳᠤ ᠪᠢᠳᠡ ᠪᠦᠷ ᠤᠷᠢᠳᠴᠢᠯᠠᠨ

ᠬᠠᠷᠭᠤᠭᠤᠯᠵᠤ ᠲᠣᠳᠣᠯᠠᠭᠠᠳ ᠰᠠᠶ᠋ᠢ ᠭᠦᠢᠴᠡᠳᠬᠡᠵᠦ ᠥᠭᠭᠦᠳᠡᠭ᠃

   ᠰᠤᠷᠪᠤᠯᠵᠢᠯᠠᠭ᠎ᠠ᠄ ᠰᠠᠭᠤᠭᠠᠯᠢ ᠠᠷᠠᠳ  ᠡᠦ ᠵᠢᠶᠠᠨ ᠫᠢᠩ᠄ ᠪᠠᠩᠬᠢ ᠶᠢᠨ ᠠᠵᠢᠯᠲᠠᠳ ᠲᠤ ᠲᠠᠯᠠᠷᠬᠠᠵᠤ ᠪᠠᠶᠢᠨ᠎ᠠ

᠂ ᠲᠠᠳᠠ ᠲᠠᠩᠰᠠᠨ ᠨᠣᠮᠧᠷ ᠳᠠᠭᠠᠷᠠᠬᠤ ᠥᠬᠡᠶ ᠶᠢ ᠴᠠᠭ ᠲᠤᠬᠠᠶ ᠳᠤ ᠨᠢ ᠮᠡᠳᠡᠭᠡᠳ ᠨᠠᠮᠠᠢᠢ 8000 ᠲᠥᠭᠦᠷᠢᠭ ᠤᠨ

ᠬᠤᠬᠢᠷᠠᠯ ᠠᠴᠠ ᠠᠪᠤᠷᠬᠠᠰᠠᠨ᠂ ᠲᠠᠳᠠ ᠨᠡᠭᠡᠷᠡᠨ ᠬᠠᠷᠢᠭᠤᠴᠠᠯᠭ᠎ᠠ ᠲᠠᠢ᠂ ᠲᠡᠳᠡᠨ ᠳᠤ ᠲᠠᠯᠠᠷᠬᠠᠵᠤ ᠪᠠᠶᠢᠨ᠎ᠠ᠃

    ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠲᠤ ᠴᠢᠭᠯᠡᠭᠦᠯᠦᠨ᠂ ᠬᠤᠰᠢᠭᠤ ᠲᠠᠷᠢᠶᠠᠯᠠᠩ ᠤᠨ ᠪᠠᠩᠬᠢ ᠣᠯᠠᠨ

ᠠᠷᠭ᠎ᠠ ᠵᠠᠮ᠂ ᠣᠯᠠᠨ ᠠᠷᠭ᠎ᠠ ᠬᠡᠯᠪᠡᠷᠢ ᠪᠠᠷ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠤᠬᠠᠭᠤᠯᠭ᠎ᠠ ᠶᠢ

ᠥᠷᠭᠡᠨ ᠢᠶᠠᠷ ᠦᠷᠨᠢᠭᠦᠯᠵᠦ᠂ ᠰᠠᠭᠤᠭᠠᠯᠢ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠠᠮᠤᠭ ᠤᠨ

ᠰᠢᠨ᠎ᠡ ᠮᠡᠬᠡᠯᠡᠯ ᠤᠨ ᠬᠡᠷᠡᠭ ᠤᠨ ᠵᠢᠱᠢᠶ᠎ᠡ ᠵᠢᠴᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠲᠠᠶᠢᠯᠪᠤᠷᠢᠯᠠᠵᠤ᠂ ᠢᠯᠠᠩᠭᠤᠶ᠎ᠠ

ᠨᠠᠰᠤᠲᠠᠶᠢᠴᠤᠳ ᠲᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠡᠷ ᠤᠨ ᠬᠥᠮᠦᠰ᠂ ᠦᠷ᠎ᠡ ᠬᠡᠦᠬᠡᠳ ᠲᠠᠢ ᠪᠠᠨ

ᠢᠯᠡᠭᠦᠬᠡᠨ ᠵᠥᠪᠳᠡᠯᠴᠡᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠮᠡᠬᠡᠯᠡᠯ ᠳᠤ ᠤᠨᠠᠬᠤ

 ᠠᠴᠠ ᠪᠤᠯᠭᠤᠮᠵᠢᠯᠠᠬᠤ ᠶᠢ ᠠᠩᠬᠠᠷᠤᠭᠤᠯᠵᠤ ᠪᠠᠶᠢᠨ᠎ᠠ᠃

    ᠰᠤᠷᠪᠤᠯᠵᠢᠯᠠᠭ᠎ᠠ᠄ ᠬᠤᠰᠢᠭᠤ ᠲᠠᠷᠢᠶᠠᠯᠠᠩ ᠤᠨ ᠪᠠᠩᠬᠢ ᠶᠢᠨ ᠳᠠᠷᠤᠭ᠎ᠠ   ᠴᠧᠨ ᠢᠦ᠋ᠶ ᠯᠢᠨ᠄ ᠲᠠᠷᠢᠶᠠᠯᠠᠩ ᠤᠨ

ᠪᠠᠩᠬᠢ ᠨᠢ ᠡᠳᠦᠷ ᠲᠤᠲᠤᠮ ᠤᠨ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠦᠮᠦᠰ ᠤᠨ ᠮᠡᠬᠡᠯᠡᠯ ᠢ

ᠰᠡᠷᠭᠡᠶᠢᠯᠡᠬᠦ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠴᠠᠬᠢᠯᠭᠠᠨ ᠬᠤᠯᠪᠣᠭᠠᠨ

 ᠤ ᠮᠡᠬᠡᠯᠡᠯ ᠢ ᠪᠦᠲᠦᠮᠵᠢᠲᠡᠢ ᠰᠡᠷᠭᠡᠶᠢᠯᠡᠨ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ

ᠰᠠᠶᠢᠲᠤᠷ ᠬᠢᠬᠦ ᠶᠢᠨ ᠬᠠᠮᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠡᠶᠢᠭᠡᠮ ᠤᠨ ᠡᠭᠦᠷᠭᠡ ᠬᠠᠷᠢᠭᠤᠴᠠᠯᠭ᠎ᠠ

 ᠪᠠᠨ ᠰᠠᠶᠢᠲᠤᠷ ᠭᠦᠢᠴᠡᠳᠬᠡᠵᠦ᠂ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠢ ᠠᠰᠢᠭᠯᠠᠨ ᠴᠠᠬᠢᠯᠭᠠᠨ

ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ

ᠠᠰᠢᠭ ᠢ ᠦᠨᠡᠨ ᠬᠦ ᠬᠠᠮᠠᠭᠠᠯᠠᠵᠤ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ

ᠴᠢᠷᠮᠠᠶᠢᠨ᠎ᠠ᠃

 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号