ᠤᠩᠰᠢᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠪᠦᠬᠦ ᠠᠷᠠᠳ ᠤᠨ ᠨᠤᠮ ᠤᠩᠰᠢᠬᠤ ᠢᠳᠡᠪᠬᠢᠵᠢᠯ ᠢ ᠳᠠᠶᠢᠴᠢᠯᠠᠯ᠎ᠠ
ᠨᠡᠶᠢᠲᠡᠯᠡᠭᠰᠡᠨ ᠴᠠᠭ᠄
2023/12/26
   4 ᠰᠠᠷ᠎ᠠ ᠶᠢᠨ 8 ᠤ ᠡᠳᠦᠷ᠂ ᠰᠠᠶᠢᠬᠠᠨᠳᠠᠯ᠎ᠠ ᠬᠡᠦᠬᠡᠳ ᠤᠨ ᠴᠡᠴᠡᠷᠯᠢᠭ ᠪᠣᠯᠣᠨ ᠮᠠᠯᠴᠢᠨ ᠨᠡᠶᠢᠭᠡᠮ ᠲᠣᠭᠤᠷᠢᠭ  ᠠᠴᠠ ᠬᠠᠮᠲᠤᠷᠠᠨ ᠡᠷᠭᠢᠯᠡᠭᠰᠡᠨ ︽ᠬᠠᠮᠲᠤ ᠶᠢᠨ ᠤᠩᠰᠢᠯᠭ᠎ᠠ · ᠰᠠᠶᠢᠨ ᠳᠤᠷ᠎ᠠ ᠶᠢᠨ ᠦᠢᠯᠡᠴᠢᠯᠡᠭᠡᠨ ᠤ ᠦᠵᠡᠭᠦᠯᠦᠯᠭᠡ ᠶᠢᠨ ᠰᠢᠨ᠎ᠡ ᠬᠡᠪ ᠰᠤᠷᠲᠠᠯ︾ ᠭᠤᠤᠯ ᠰᠡᠳᠦᠪᠳᠦ ᠪᠥᠬᠦ ᠠᠷᠠᠳ ᠤᠨ ᠤᠩᠰᠢᠯᠭ᠎ᠠ ᠶᠢᠨ ᠰᠠᠷ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠪᠥᠬᠦ ᠠᠷᠠᠳ ᠤᠨ ᠨᠣᠮ ᠤᠩᠰᠢᠬᠤ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨ ᠬᠦ  ᠠᠬᠢᠭᠤᠯᠤᠯ᠎ᠠ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠦᠩ ᠮᠧᠶ ᠂  ᠬᠤᠰᠢᠭᠤ ᠳᠡᠳ᠋ ᠳᠠᠷᠤᠭ᠎ᠠ ᠶᠠᠩ ᠵᠠᠨ ᠴᠢᠩ ᠵᠢᠴᠢ  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠰᠠᠶᠢᠬᠠᠨᠲᠠᠯ᠎ᠠ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠡᠰᠡᠭ ᠰᠠᠶᠢᠨ ᠲᠤᠷᠠᠴᠤᠳ ᠠᠵᠢᠯᠯᠠᠭ᠎ᠠ ᠳᠤ ᠣᠷᠣᠯᠴᠠᠵᠠᠢ᠃    ᠪᠢᠴᠢᠬᠠᠨ ᠪᠦᠦᠪᠡᠢ ᠨᠠᠷ ᠤᠨ ᠬᠦᠭᠵᠢᠮᠳᠡᠭᠰᠡᠨ ᠶᠠᠳᠤᠭ᠎ᠠ ᠶᠢᠨ ᠨᠠᠶᠢᠷᠠᠯ ᠬᠦᠭᠵᠢᠮ ᠢᠶᠠᠷ ᠠᠵᠢᠯᠯᠠᠭᠠᠨ ᠤ ᠡᠬᠢᠯᠡᠯᠳᠡ ᠶᠢᠨ ᠬᠦᠰᠢᠬᠡ ᠶᠢ ᠰᠡᠬᠦᠨ᠂ ᠭᠡᠩᠭᠡᠷᠡᠭᠡ ᠳᠡᠯᠡᠳᠬᠦ᠂ ᠰᠢᠯᠦᠭ ᠤᠶᠠᠩᠭᠠᠯᠠᠬᠤ ᠵᠡᠷᠭᠡ ᠪᠢᠴᠢᠬᠠᠨ ᠲᠣᠭᠯᠠᠭᠴᠢᠳ ᠤᠨ ᠬᠥᠭᠡᠷᠦᠬᠦᠨ ᠳᠦᠷᠢ ᠪᠠᠶᠢᠳᠠᠯ ᠨᠢ ᠦᠵᠡᠭᠴᠢᠳ ᠤᠨ ᠬᠠᠯᠠᠭᠤᠨ ᠳᠠᠭᠠᠰᠢᠶᠠᠯ ᠳᠤ ᠬᠦᠷᠴᠦ᠂ ᠬᠦᠰᠡᠯ ᠳᠡᠮᠡᠦᠯᠡᠯ ᠢᠶᠠᠷ ᠲᠦᠭᠦᠷᠡᠩ ᠬᠡᠦᠬᠡᠳ ᠨᠠᠰᠤᠨ ᠤ ᠦᠭᠡᠳᠡᠷᠡᠭ  ᠵᠢᠪᠬᠤᠭ᠎ᠠ ᠶᠢ ᠬᠦᠢᠴᠡᠳ ᠬᠠᠷᠠᠭᠤᠯᠤᠨ᠎ᠠ᠃    ᠰᠤᠷᠪᠤᠯᠵᠢᠯᠠᠭ᠎ᠠ᠄  ᠵᠢᠢ ᠽᠢ ᠰᠢᠨ ︵ᠪᠢᠳᠡ ᠤᠳᠠᠭ᠎ᠠ ᠪᠣᠯᠭᠠᠨ ᠴᠡᠴᠡᠷᠯᠢᠭ ᠲᠤ ᠪᠠᠨ ᠬᠤᠭᠤᠯᠠ ᠪᠠᠨ ᠢᠳᠡᠵᠦ ᠪᠠᠷᠠᠭᠰᠠᠨ ᠤ ᠳᠠᠷᠠᠭ᠎ᠠ ᠪᠠᠭᠰᠢ ᠪᠢᠳᠡᠨ ᠢ ᠳᠠᠭᠠᠭᠤᠯᠤᠨ ᠬᠦᠷᠢᠶᠡᠨ ᠳᠤ ᠣᠴᠢᠵᠤ  ᠨᠤᠮ ᠤᠩᠰᠢᠳᠠᠭ᠂ ᠣᠷᠣᠢ ᠬᠠᠷᠢᠭᠠᠳ ᠪᠢ ᠡᠵᠢ ᠲᠠᠢ ᠪᠠᠨ ᠬᠠᠮᠲᠤ ᠨᠣᠮ ᠤᠩᠰᠢᠳᠠᠭ᠂ ᠨᠣᠮ ᠨᠠᠳᠠ ᠳᠤ ᠪᠠᠶᠠᠷ ᠪᠠᠶᠠᠰᠤᠯ ᠠᠪᠴᠢᠷᠠᠳᠠᠭ᠂ ᠪᠢᠳᠡ ᠨᠣᠮ ᠳᠤ ᠳᠤᠷᠠᠲᠠᠢ  ︶    ᠠᠵᠢᠯᠯᠠᠭ᠎ᠠ ᠳᠤ ᠳᠤᠰ ᠳᠤᠰ ᠬᠡᠦᠬᠡᠳ ᠪᠠ ᠨᠠᠰᠤᠨ ᠳᠤ ᠭᠦᠷᠦᠭᠰᠡᠳ ᠤᠨ ᠤᠩᠰᠢᠯᠭ᠎ᠠ ᠶᠢᠨ ᠪᠠᠶᠢᠳᠠᠯ ᠢ ᠣᠶᠢᠯᠠᠭᠠᠬᠤ ᠲᠣᠭᠤᠷᠢᠭ᠂ ᠨᠣᠮ ᠪᠢᠴᠢᠭ ᠤᠨ     ᠬᠠᠯᠠᠮᠵᠢ ᠪᠤᠶᠠᠨ ᠤ  ᠬᠤᠳᠠᠯᠳᠤᠭ᠎ᠠ ᠪᠠ ᠪᠥᠬᠦ ᠠᠷᠠᠳ ᠤᠨ 21 ᠡᠳᠦᠷ ᠤᠨ ᠺᠠᠷᠲ ᠪᠦᠷᠢᠳᠬᠡᠭᠦᠯᠬᠦ ᠲᠣᠭᠤᠷᠢᠭ ᠭᠠᠷᠭᠠᠭᠰᠠᠨ ᠤ ᠬᠠᠮᠳᠤ ᠠᠳᠠᠯᠢ ᠪᠤᠰᠤ ᠨᠠᠰᠤᠨ ᠤ ᠤᠩᠰᠢᠭᠴᠢᠳ ᠲᠤ ᠡᠯ᠎ᠡ ᠲᠥᠷᠥᠯ ᠤᠨ ᠨᠣᠮ ᠪᠢᠴᠢᠭ ᠬᠠᠩᠭᠠᠨ᠂   ᠤᠩᠰᠢᠯᠭ᠎ᠠ ᠶᠢ ᠨᠢᠭᠡ ᠵᠦᠢᠯ ᠤᠨ ᠳᠠᠳᠬᠠᠯ᠂ ᠨᠢᠭᠡ ᠵᠦᠢᠯ ᠤᠨ ᠠᠮᠢᠳᠤᠷᠠᠯ᠂ ᠨᠢᠭᠡ ᠵᠦᠢᠯ ᠤᠨ ᠴᠠᠭ ᠤᠨ ᠥᠩᠭᠡ ᠪᠣᠯᠭᠠᠬᠤ  ᠦᠨᠢᠷ ᠦᠳᠬᠡᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠤᠯᠭᠠᠵᠠᠢ᠃    ᠰᠤᠷᠪᠤᠯᠵᠢᠯᠠᠭ᠎ᠠ᠄ ᠭᠡᠷ ᠤᠨ ᠠᠬᠠᠮᠠᠳ ᠯᠢ ᠵᠢᠩ ︵ᠮᠠᠨ ᠤ ᠭᠡᠷ ᠪᠦᠯᠢ ᠶᠢᠨ ᠬᠢᠨ ᠡᠨᠡ ᠬᠦ ᠤᠩᠰᠢᠯᠭ᠎ᠠ ᠶᠢ ᠠᠭᠠᠵᠢᠮ ᠢᠶᠠᠷ  ᠳᠠᠳᠬᠠᠯᠵᠢᠭᠤᠯᠤᠨ᠂ ᠡᠳᠦᠷ ᠪᠦᠷᠢ ᠬᠡᠦᠬᠡᠳ ᠲᠡᠭᠡᠨ ᠬᠠᠨᠢ ᠪᠣᠯᠵᠤ ᠨᠣᠮ  ᠤᠩᠰᠢᠨ᠂ ᠲᠡᠳᠡᠨ ᠤ ᠥᠰᠥᠭ ᠲᠠᠨᠢᠬᠤ ᠬᠡᠮᠵᠢᠶ᠎ᠡ ᠶᠢ ᠨᠡᠮᠡᠭᠳᠡᠭᠦᠯᠵᠦ᠂ ᠬᠤᠵᠢᠮ ᠤᠨ ᠵᠣᠬᠢᠶᠠᠨ ᠪᠢᠴᠢᠬᠦ ᠰᠠᠭᠤᠷᠢ ᠶᠢ ᠨᠢ ᠪᠠᠳᠤᠳᠬᠠᠬᠤ  ᠪᠣᠯᠣᠨ᠎ᠠ  ︶    ᠠᠵᠢᠯᠯᠠᠭᠠᠨ ᠤ ᠠᠬᠤᠢ ᠲᠠᠯᠠᠪᠠᠶ ᠳᠤ᠂ ᠤᠯᠠᠨ ᠢᠶᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠳᠤ  ᠢᠳᠡᠪᠬᠢᠳᠡᠢ ᠣᠷᠤᠯᠴᠠᠬᠤ  ᠠᠮᠠᠯᠠᠯᠳᠠ ᠬᠢᠵᠦ ᠨᠡᠷ᠎ᠡ ᠪᠠᠨ ᠦᠯᠡᠳᠡᠭᠡᠭᠰᠡᠨ ᠤ ᠬᠠᠮᠲᠤ ᠡᠶᠢᠮᠦᠷᠬᠦ ᠠᠵᠢᠯᠯᠠᠭ᠎ᠠ ᠪᠠᠷ ᠳᠠᠮᠵᠢᠭᠤᠯᠤᠨ᠂ ᠨᠡᠩ ᠤᠯᠠᠨ  ᠬᠦᠮᠦᠰ ᠢ ᠳᠠᠭᠠᠭᠤᠯᠤᠨ ᠤᠩᠰᠢᠯᠭ᠎ᠠ ᠳᠤ ᠢᠳᠡᠪᠬᠢᠲᠡᠢ ᠣᠷᠣᠯᠴᠠᠭᠤᠯᠵᠤ᠂ ᠠᠷᠠᠳ  ᠤᠯᠠᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ ᠢᠳᠡᠪᠬᠢᠲᠡᠢ ᠡᠷᠡᠭᠦᠯ ᠰᠠᠷᠠᠭᠤᠯ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢ ᠬᠦᠰᠡᠵᠦ  ᠪᠠᠶᠢᠨ᠎ᠠ ᠬᠡᠮᠡᠨ ᠰᠠᠨᠠᠯ ᠨᠢᠭᠡᠲᠡᠢ ᠢᠯᠡᠷᠭᠡᠶᠢᠯᠡᠵᠡᠬᠡᠯ᠎ᠡ᠃    ᠣᠶᠢᠯᠠᠭᠠᠭᠰᠠᠨ ᠢᠶᠠᠷ᠂ ᠮᠠᠨ ᠤ ᠬᠤᠰᠢᠭᠤ ᠪᠦᠬᠦ ᠣᠷᠣᠨ᠂ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠣᠮ ᠤᠩᠰᠢᠬᠤ ᠠᠵᠢᠯᠯᠠᠭ᠎ᠠ ᠶᠢ ᠡᠨᠡ ᠵᠢᠯ ᠤᠨ ᠭᠤᠣᠯᠳᠠᠯᠭ᠎ᠠ ᠲᠠᠢ ᠠᠵᠢᠯ ᠳᠤ ᠣᠷᠣᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤᠳᠬᠠᠨ ᠪᠠᠬᠢᠵᠢᠭᠦᠯᠵᠦ᠂ ᠪᠥᠬᠦ ᠬᠤᠰᠢᠭᠤᠨ ᠤ ᠬᠡᠦᠬᠡᠳ ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠵᠢᠴᠢ ᠪᠠᠭᠰᠢ ᠨᠠᠷ ᠤᠨ ᠨᠣᠮ ᠤᠩᠰᠢᠬᠤ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠵᠤ᠂ ︽ᠰᠤᠷᠭᠠᠭᠤᠯᠢ ᠶᠢᠨ ᠬᠦᠷᠢᠶᠡᠨ ᠤ ᠨᠤᠮ ᠰᠤᠶᠤᠯ ᠤᠨ ᠪᠠᠶᠢᠭᠤᠯᠤᠯᠳᠠ᠂ ᠤᠩᠰᠢᠯᠭ᠎ᠠ  ᠰᠠᠶᠢᠳᠠᠢ ᠪᠠᠯᠭᠠᠰᠤ︾ ᠶᠢ ᠴᠢᠷᠮᠠᠶᠢᠨ  ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠣᠷᠭᠠᠨᠢᠭ ᠢᠶᠠᠷ ᠤᠶᠠᠯᠳᠤᠭᠤᠯᠬᠤ ᠠᠷᠭ᠎ᠠ ᠮᠠᠶ᠋ᠢᠭ ᠢᠶᠠᠷ ᠣᠯᠠᠨ ᠬᠡᠯᠪᠡᠷᠢ ᠶᠢᠨ  ᠣᠩᠰᠢᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠬᠠᠮᠳᠤᠷᠠᠨ ᠥᠷᠨᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ ᠨᠣᠮ ᠤᠩᠰᠢᠬᠤ ᠠᠵᠢᠯᠯᠠᠭ᠎ᠠ ᠳᠤ ᠬᠠᠮᠲᠤ ᠪᠠᠷ ᠣᠷᠣᠯᠴᠠᠭᠤᠯᠵᠤ᠂  ᠪᠥᠬᠦ ᠠᠷᠠᠳ ᠤᠨ ᠨᠣᠮ ᠤᠩᠰᠢᠬᠤ ᠬᠡᠪ ᠵᠠᠩᠰᠢᠯ ᠢ ᠪᠤᠢ ᠪᠤᠯᠭᠠᠬᠤ ᠪᠠᠷ ᠪᠤᠢ᠃    ᠰᠤᠷᠪᠤᠯᠵᠢᠯᠠᠭ᠎ᠠ᠄ ᠰᠠᠶᠢᠬᠠᠨᠲᠠᠯ᠎ᠠ ᠬᠡᠦᠬᠡᠳ ᠤᠨ ᠴᠡᠴᠡᠷᠯᠢᠭ ᠤᠨ ᠨᠠᠮ ᠤᠨ ᠡᠭᠦᠷ ᠤᠨ ᠱᠦᠵᠢ᠂  ᠵᠠᠬᠢᠷᠤᠯ ᠵᠣᠣ ᠮᠢᠨ ︵ 2016 ᠣᠨ ᠠᠴᠠ ᠡᠬᠢᠯᠡᠵᠦ᠂ ᠮᠠᠨ ᠤ ᠴᠡᠴᠡᠷᠯᠢᠭ ᠤᠨ ᠬᠢᠨ ︽ ᠨᠤᠮ ᠲᠠᠢ ᠬᠠᠮᠳᠤ ᠦᠰᠦᠨ ᠪᠤᠶᠢᠵᠢᠶ᠎ᠠ ︾  ᠬᠡᠬᠦ ᠤᠩᠰᠢᠯᠭ᠎ᠠ ᠶᠢᠨ ᠠᠵᠢᠯᠯᠠᠭ᠎ᠠ  ᠦᠷᠨᠢᠬᠦᠯᠦᠭᠡᠳ ᠤᠳᠤ ᠳᠤ ᠬᠦᠷᠴᠦ ᠪᠠᠶᠢᠨ᠎ᠠ᠃ ᠪᠢᠳᠡᠨ ᠤ ᠤᠩᠰᠢᠯᠭ᠎ᠠ ᠶᠢᠨ ᠠᠵᠢᠯᠯᠠᠭ᠎ᠠ ᠨᠢᠭᠡᠨᠲᠡ ᠭᠡᠷ ᠪᠦᠯᠢ᠂ ᠬᠡᠦᠬᠡᠳ᠂ ᠭᠡᠷ ᠤᠨ ᠠᠬᠠᠮᠠᠳ ᠤᠨ ᠰᠡᠳᠬᠢᠯ ᠳᠤ ᠬᠦᠷᠦᠭᠰᠡᠨ᠂ ᠡᠨᠡ ᠵᠢᠯ ᠨᠡᠩ ᠤᠯᠠᠨ ᠬᠥᠮᠥᠰ ᠢ ᠲᠠᠶᠢᠴᠢᠯᠠᠨ ᠮᠠᠨ ᠤ ᠠᠵᠢᠯᠯᠠᠭ᠎ᠠ ᠳᠤ ᠣᠷᠣᠯᠴᠠᠭᠤᠯᠬᠤ ᠶᠢᠨ ᠲᠥᠯᠥᠭᠡ᠂ ᠪᠢᠳᠡ ᠨᠡᠶᠢᠭᠡᠮ ᠲᠣᠭᠤᠷᠢᠭ ᠲᠠᠢ ᠬᠠᠮᠳᠤᠷᠠᠨ ᠡᠨᠡᠬᠦ ᠠᠵᠢᠯᠯᠠᠭ᠎ᠠ ᠶᠢ  ᠦᠷᠨᠢᠬᠦᠯᠵᠡᠢ᠃ ᠢᠷᠡᠭᠡᠳᠦᠢ ᠶᠢᠨ ᠡᠳᠦᠷ ᠤᠳ ᠲᠤ ᠬᠡᠦᠬᠡᠳ ᠤᠨ ᠴᠡᠴᠡᠷᠯᠢᠭ ᠤᠨ ᠬᠦᠴᠦᠨ ᠢᠶᠠᠷ ᠨᠡᠩ ᠤᠯᠠᠨ ᠬᠥᠮᠥᠰ ᠢ ᠲᠠᠶᠢᠴᠢᠯᠠᠨ ᠮᠠᠨ ᠤ ᠠᠵᠢᠯᠯᠠᠭ᠎ᠠ ᠳᠤ ᠣᠷᠣᠯᠴᠠᠭᠤᠯᠬᠤ ᠶᠢ ᠬᠦᠰᠡᠵᠦ ᠪᠠᠶᠢᠨ᠎ᠠ᠂ ᠮᠠᠨ ᠤ ᠨᠠᠮ ᠤᠨ ᠭᠡᠰᠢᠭᠦᠨ ᠪᠠᠭᠰᠢ ᠨᠠᠷ ᠴᠤ ᠤᠯᠠᠨ ᠳᠤ ᠨᠣᠮ ᠪᠢᠴᠢᠭ ᠲᠠᠷᠬᠠᠭᠠᠵᠤ᠂ ᠨᠡᠩ ᠤᠯᠠᠨ ᠬᠥᠮᠥᠰ ᠢ ᠨᠣᠮ ᠪᠢᠴᠢᠭ ᠤᠩᠰᠢᠬᠤ ᠳᠤᠷᠠᠲᠠᠢ ᠪᠣᠯᠭᠠᠬᠤ ᠶᠢ ᠬᠦᠰᠡᠵᠦ ᠪᠠᠶᠢᠨ᠎ᠠ᠃︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号