ᠴᠠᠩᠲᠦᠰᠢᠯᠢ ᠭᠠᠴᠠᠭ᠎ᠠ 13 ᠲᠦᠮᠡᠨ ᠲᠥᠭᠦᠷᠢᠭ ᠭᠠᠷᠭᠠᠵᠤ ᠮᠠᠯᠴᠢᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠣᠷᠣᠯᠠᠨ ᠲᠤᠰᠢᠶᠠᠭᠰᠠᠨ
ᠨᠡᠶᠢᠲᠡᠯᠡᠭᠰᠡᠨ ᠴᠠᠭ᠄
2023/12/26
    ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠴᠠᠩᠲᠤᠰᠢᠯᠢ ᠭᠠᠴᠠᠭ᠎ᠠ ᠬᠠᠮᠲᠤ ᠶᠢᠨ ᠪᠡᠯᠡ ᠮᠥᠩᠭᠦ ᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠦᠷᠢᠵᠢᠭᠤᠯᠵᠠᠢ᠃     ︽ᠮᠠᠨ ᠤ ᠭᠠᠴᠠᠭ᠎ᠠ ᠨᠢᠭᠡᠨᠲᠡ 3 ᠵᠢᠯ ᠳᠠᠷᠠᠭᠠᠯᠠᠨ ᠪᠢᠳᠡᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ  ᠢ ᠲᠤᠰᠢᠶᠠᠭᠰᠠᠨ᠂ ᠡᠨᠡ ᠨᠢ ᠮᠠᠨ ᠤ 6 ᠬᠥᠮᠥᠨ ᠲᠠᠢ ᠭᠡᠷ ᠪᠦᠯᠢ ᠳᠤ ᠠᠪᠴᠤ ᠬᠡᠯᠡᠪᠡᠯ ᠪᠠᠭ᠎ᠠ ᠪᠤᠰᠤ ᠵᠣᠭᠤᠰ ᠠᠷᠪᠢᠯᠠᠵᠤ ᠥᠭᠭᠦᠭᠰᠡᠨ ᠢᠶᠠᠷ ᠪᠠᠷᠠᠬᠤ ᠦᠭᠡᠢ᠂ ᠡᠪᠡᠳᠴᠢᠨ ᠦᠵᠡᠭᠦᠯᠬᠦ ᠳᠤ ᠴᠦ ᠪᠠᠲᠤᠯᠠᠭ᠎ᠠ ᠲᠠᠢ ᠪᠣᠯᠤᠭᠰᠠᠨ ᠪᠠᠶᠢᠨ᠎ᠠ︾ ᠭᠡᠵᠦ ᠴᠠᠩᠲᠤᠰᠢᠯᠢ ᠭᠠᠴᠠᠭᠠᠨ ᠤ ᠮᠠᠯᠴᠢᠨ ᠠᠯᠲᠠᠨᠲᠤᠶᠠᠭ᠎ᠠ ᠶᠠᠷᠢᠯ᠎ᠠ᠃ ᠣᠶᠢᠯᠠᠭᠠᠭᠰᠠᠨ ᠢᠶᠠᠷ᠂ ᠡᠨᠡ ᠵᠢᠯ ᠲᠡᠭᠦᠨ ᠲᠠᠢ ᠠᠳᠠᠯᠢ ᠲᠣᠰ ᠭᠠᠴᠠᠭᠠᠨ ᠤ 402 ᠮᠠᠯᠴᠢᠨ ᠡᠮ ᠡᠮᠨᠡᠯᠭᠡ ᠶᠢᠨ ᠳᠠᠭᠠᠳᠬᠠᠯ ᠢᠶᠠᠨ ᠲᠤᠰᠢᠶᠠᠬᠤ ᠦᠶ᠎ᠡ  ᠳᠤ ᠴᠥᠮ ᠭᠠᠴᠠᠭᠠᠨ ᠤ ᠨᠥᠬᠦᠪᠦᠷᠢ ᠶᠢ ᠣᠯᠵᠤ᠂ ᠨᠡᠶᠢᠲᠡ 132050 ᠲᠥᠭᠦᠷᠢᠭ ᠲᠤ ᠬᠦᠷᠦᠭᠰᠡᠨ ᠪᠠᠶᠢᠨ᠎ᠠ᠃ ᠡᠭᠦᠨ ᠳᠤ ᠣᠷᠣᠯᠭ᠎ᠠ ᠳᠤᠤᠷ᠎ᠠ ᠬᠥᠮᠥᠰ ᠤᠨ ᠡᠵᠡᠯᠡᠬᠦ ᠬᠠᠷᠢᠴᠠᠯ ᠨᠢ 27.11% ᠪᠠᠶᠢᠵᠤ᠂ ᠡᠩ ᠤᠨ ᠮᠠᠯᠴᠢᠨ ᠡᠷᠦᠬᠡ ᠶᠢᠨ ᠡᠵᠡᠯᠡᠬᠦ ᠬᠠᠷᠢᠴᠠᠯ ᠨᠢ 72.89% ᠪᠠᠶᠢᠪᠠ᠃ ᠡᠨᠡ ᠬᠦ ᠠᠷᠭ᠎ᠠ ᠬᠡᠮᠵᠢᠶ᠎ᠡ ᠨᠢ ᠮᠠᠯᠴᠢᠨ ᠲᠦᠮᠡᠨ ᠤ ᠳᠠᠭᠠᠳᠬᠠᠯ ᠳᠤ ᠣᠷᠤᠯᠴᠠᠬᠤ ᠨᠣᠷᠮ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠰᠢᠭ ᠢ ᠦᠨᠡᠨᠬᠦ ᠤᠯᠠᠨ ᠲᠥᠮᠡᠨ ᠳᠤ ᠡᠳ᠋ᠯᠡᠭᠦᠯᠦᠭᠰᠡᠨ ᠪᠠᠶᠢᠨ᠎ᠠ᠃     ᠴᠠᠩᠲᠤᠰᠢᠯᠢ ᠭᠠᠴᠠᠭᠠᠨ ᠤ ᠨᠠᠮ ᠤᠨ ᠡᠭᠦᠷ ᠤᠨ ᠱᠦᠵᠢ ᠤᠳᠬᠠᠨᠪᠠᠭᠠᠲᠤᠷ᠄ ︽ᠮᠠᠨ ᠤ ᠭᠠᠴᠠᠭ᠎ᠠ ᠣᠶᠢᠷ᠎ᠠ  ᠶᠢᠨ ᠵᠢᠯ ᠳᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠵᠦᠢ ᠵᠣᠬᠢᠰᠲᠠᠢ ᠠᠰᠢᠭᠯᠠᠵᠤ᠂ ᠭᠤᠣᠯᠳᠠᠭᠤ ᠣᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ ᠳᠤ ᠲᠤᠯᠭᠠᠷᠠᠭᠰᠠᠨ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠳᠤ ᠬᠡᠷᠡᠭᠯᠡᠭᠰᠡᠨ᠂ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠶᠢ ᠪᠢᠳᠡ ᠨᠢᠭᠡᠨᠲᠡ 3 ᠵᠢᠯ ᠪᠠᠷᠢᠮᠲᠠᠯᠠᠵᠤ᠂ ᠭᠠᠴᠠᠭᠠᠨ ᠤ ᠪᠥᠬᠦ ᠮᠠᠯᠴᠢᠳ ᠲᠤ ᠠᠰᠢᠭ ᠬᠦᠷᠲᠡᠭᠡᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃ ᠬᠤᠶᠢᠰᠢᠳᠠ ᠪᠢᠳᠡ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ ᠦᠷᠭᠦᠯᠵᠢᠯᠡᠨ ᠪᠠᠷᠢᠮᠲᠠᠯᠠᠵᠤ ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠳ ᠲᠤ ᠨᠠᠩ ᠣᠯᠠᠨ ᠠᠰᠢᠭ ᠬᠦᠷᠲᠡᠭᠡᠵᠦ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ ᠭᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号