ᠨᠠᠰᠤᠵᠢᠯ ᠤᠨ ᠠᠰᠠᠷᠠᠮᠵᠢ ᠶᠢᠨ ᠠᠷᠠᠳ ᠲᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠠᠵᠤ ᠠᠬᠤᠢ  ᠶᠢᠨ ᠬᠦᠴᠢᠷᠳᠡᠯ ᠲᠠᠢ ᠨᠠᠰᠤᠳᠠᠶᠢᠴᠤᠳ ᠲᠤ ᠠᠮᠢᠳᠤᠷᠠᠯ ᠤᠨ ᠪᠠᠳᠤᠯᠠᠭ᠎ᠠ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2023/12/26
     ᠳᠡᠭᠡᠳᠦ ᠱᠠᠳᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠᠷ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠮᠠᠨ ᠤ ᠬᠤᠰᠢᠭᠤᠨ ᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭᠠᠳᠤ 70 — 76 ᠪᠦᠬᠦᠯᠢ ᠨᠠᠰᠤᠨ ᠤ ᠬᠤᠭᠤᠷᠤᠨᠳᠤᠬᠢ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠲᠤ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠰᠠᠷ᠎ᠠ ᠳᠤ ᠬᠦᠮᠦᠨ ᠪᠦᠷᠢ  ᠶᠢᠨ 50 ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠬᠡᠨ ᠤ ᠨᠥᠬᠦᠪᠦᠷᠢ ᠲᠠᠷᠬᠠᠭᠠᠵᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠤᠭ᠎ᠠ ᠪᠠᠷᠢᠮᠲᠠ ᠶᠢ ᠰᠠᠷ᠎ᠠ ᠪᠤᠯᠭᠠᠨ ᠰᠢᠭᠰᠢᠨ ᠪᠠᠶᠢᠴᠠᠭᠠᠵᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠳᠤᠯᠠᠵᠤ ᠪᠠᠶᠢᠨ᠎ᠠ᠃      ᠰᠠᠶᠢᠬᠠᠨᠲᠠᠯ᠎ᠠ ᠪᠠᠯᠭᠠᠰᠤᠨ ᠤ ᠰᠠᠭᠤᠭᠠᠯᠢ ᠠᠷᠠᠳ ᠭᠦᠸᠧ ᠱᠧᠦ ᠮᠢᠩ ᠨᠠᠰᠤᠲᠠᠨ ᠡᠨᠡ ᠵᠢᠯ 72 ᠨᠠᠰᠤᠲᠠᠢ᠃ ᠲᠡᠷᠡ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠬᠦᠷᠳᠡᠭᠡᠳ ᠬᠤᠶᠠᠷ ᠵᠢᠯ ᠤᠨ ᠨᠢᠭᠤᠷ ᠢ ᠦᠵᠡᠵᠦ ᠪᠠᠶᠢᠨ᠎ᠠ ᠃ ᠠᠮᠢᠳᠤᠷᠠᠯ ᠬᠦᠴᠢᠷᠳᠡᠯᠲᠡᠢ᠂ ᠪᠡᠶ᠎ᠡ ᠵᠡᠮᠳᠡᠭ ᠮᠥᠷᠲᠡᠭᠡᠨ ᠵᠢᠯ ᠲᠤᠷᠰᠢ ᠬᠢᠮᠳᠠ ᠲᠦᠷᠢᠶᠡᠰᠦᠨ ᠠᠰᠠᠷ ᠲᠤ ᠭᠠᠭᠴᠠᠭᠠᠷ ᠢᠶᠠᠨ ᠰᠠᠭᠤᠳᠠᠭ ᠪᠣᠯᠬᠤᠷ ᠠᠷᠠᠳ ᠤᠨ ᠶᠠᠪᠤᠳᠠᠯ ᠤᠨ ᠳᠤᠪᠴᠢᠶᠠᠨ ᠤ ᠠᠵᠢᠯᠲᠠᠨ ᠲᠣᠭᠲᠠᠮᠠᠯ ᠬᠤᠭᠤᠴᠠᠭ᠎ᠠ ᠲᠠᠢ ᠪᠠᠷ ᠲᠡᠳᠡᠨ ᠤ ᠳᠤ ᠠᠰᠠᠭᠤᠨ ᠰᠤᠷᠪᠤᠯᠵᠢᠯᠠᠵᠤ᠂ ᠳᠡᠬᠦᠨ ᠤ ᠡᠷᠡᠬᠦᠯ ᠴᠢᠬᠢᠷᠠᠭ ᠤᠨ ᠪᠠᠶᠢᠳᠠᠯ ᠪᠠ ᠪᠤᠳᠠᠳᠠᠢ ᠬᠦᠴᠢᠷᠳᠡᠯ ᠢ ᠨᠢ ᠤᠶᠢᠯᠠᠭᠠᠬᠤ ᠶᠢᠨ ᠬᠠᠮᠳᠤ 70 ᠨᠠᠰᠤᠨ ᠠᠴᠠ ᠳᠡᠭᠡᠭᠰᠢᠬᠢ ᠨᠠᠰᠤᠳᠠᠶᠢᠴᠤᠳ ᠤᠨ ᠡᠳ᠋ᠯᠡᠵᠦ ᠪᠣᠯᠬᠤ ᠠᠰᠠᠷᠠᠮᠵᠢ ᠶᠢᠨ ᠲᠦᠷᠦ ᠶᠢᠨ ᠪᠣᠳᠣᠯᠭ᠎ᠠ ᠶᠢ ᠳᠠᠶᠢᠯᠪᠤᠷᠢᠯᠠᠵᠤ ᠦᠭᠳᠡᠭ ᠪᠠᠶᠢᠨ᠎ᠠ᠃      ᠰᠤᠷᠪᠤᠯᠵᠢᠯᠠᠭ᠎ᠠ᠄ ᠭᠦᠸᠧ ᠱᠧᠦ ᠮᠢᠩ ︵ᠪᠢ 2022 ᠣᠨ ᠠᠴᠠ ᠡᠬᠢᠯᠡᠨ ᠵᠠᠰᠠᠭ ᠤᠨ ᠣᠷᠳᠣᠨ ᠤ 50 ᠲᠥᠭᠦᠷᠢᠭ ᠤᠨ ᠨᠥᠬᠦᠪᠦᠷᠢ ᠶᠢ ᠬᠦᠷᠳᠡᠵᠡᠢ᠂ ᠲᠡᠳᠡᠨ ᠤ ᠠᠵᠢᠯ ᠤᠨ ᠦᠢᠯᠡᠴᠢᠯᠡᠭᠡ ᠨᠢ ᠨᠡᠯᠢᠶᠡᠳ ᠭᠦᠢᠴᠡᠳ ᠪᠠᠶᠢᠳᠠᠭ᠂ ᠭᠡᠷ ᠲᠤ ᠢᠷᠡᠵᠦ ᠪᠦᠷᠢᠳᠭᠡᠵᠦ᠂ ᠭᠠᠷ ᠭᠦᠢᠴᠡᠳᠬᠡᠯ ᠬᠢᠭᠰᠡᠨ ᠤ ᠳ᠋ᠦᠩ ᠳᠤ ᠪᠢ ᠡᠨᠡ ᠬᠦ ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠨᠠᠰᠤᠲᠠᠶᠢᠴᠤᠳ ᠤᠨ ᠨᠥᠬᠦᠪᠦᠷᠢ ᠶᠢ ᠬᠦᠷᠳᠡᠭᠰᠡᠨ᠃ ᠵᠠᠰᠠᠭ ᠤᠨ ᠣᠷᠳᠣᠨ ᠪᠠ ᠠᠵᠢᠯᠲᠠᠳ ᠲᠤ ᠪᠢ ᠮᠠᠰᠢ ᠲᠠᠯᠠᠷᠬᠠᠵᠤ ᠪᠠᠶᠢᠨ᠎ᠠ᠂ ᠲᠡᠳᠡ ᠦᠨᠡᠨ ᠬᠦ ᠡᠯ᠎ᠡ ᠲᠠᠯ᠎ᠠ ᠪᠠᠷ ᠬᠠᠷᠢᠭᠤᠴᠠᠯᠭ᠎ᠠ ᠲᠠᠢ ᠪᠠᠶᠢᠵᠤ᠂ ᠶᠠᠭᠤᠮ᠎ᠠ ᠪᠣᠯᠭᠠᠨ ᠳᠤ ᠨᠠᠰᠤᠲᠠᠶᠢᠴᠤᠳ ᠤᠨ ᠲᠥᠯᠥᠭᠡ ᠪᠣᠳᠣᠯᠬᠢᠯᠠᠵᠤ᠂ ᠪᠢᠳᠡᠨ ᠳᠤ ᠮᠠᠰᠢ ᠰᠠᠶᠢᠨ ᠠᠮᠢᠳᠤᠷᠠᠯ ᠤᠨ ᠪᠠᠲᠤᠯᠠᠭ᠎ᠠ ᠪᠠ ᠠᠰᠢᠭᠲᠠᠢ ᠨᠥᠬᠦᠴᠡᠯ ᠢ ᠣᠯᠭᠤᠭᠰᠠᠨ ᠪᠠᠶᠢᠨ᠎ᠠ︶       ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠶᠢ ᠴᠠᠭ ᠲᠤᠬᠠᠢ ᠳᠤᠨᠢ ᠣᠯᠭᠤᠵᠤ᠂ ᠨᠠᠰᠤᠲᠠᠶᠢᠴᠤᠳ ᠤᠨ ᠠᠰᠠᠷᠠᠮᠵᠢ ᠶᠢᠨ ᠪᠠᠲᠤᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠤᠨ ᠠᠮᠢᠳᠤᠷᠠᠯ  ᠤᠨ ᠪᠠᠶᠢᠳᠠᠯ ᠢ ᠰᠠᠶᠢᠵᠢᠷᠠᠭᠤᠯᠵᠤ᠂ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠰᠠᠶᠢᠨ ᠦᠨᠡᠯᠡᠯᠲᠡ ᠪᠠ ᠲᠠᠯᠠᠷᠬᠠᠯ ᠢ ᠣᠯᠪᠠ᠃        ᠰᠤᠷᠪᠤᠯᠵᠢᠯᠠᠭ᠎ᠠ᠄ ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠣᠭᠮᠠᠨᠳᠤᠯ᠎ᠠ ︵ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠳᠤ ᠲᠦᠷᠦᠭᠳᠡᠯ ᠢ ᠨᠡᠮᠡᠭᠳᠡᠭᠦᠯᠬᠦ ᠶᠢᠨ ᠲᠥᠯᠥᠭᠡ᠂ ᠮᠠᠨ ᠤ ᠬᠤᠰᠢᠭᠤ ᠳᠡᠭᠡᠳᠦ ᠱᠠᠲᠤᠨ ᠤ ᠱᠠᠭᠠᠷᠳᠠᠯᠭ᠎ᠠ ᠪᠠᠷ᠂ 2022 ᠣᠨ ᠠᠴᠠ ᠡᠬᠢᠯᠡᠨ ᠮᠠᠨ ᠤ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ 70 — 76 ᠪᠦᠬᠦᠯᠢ ᠨᠠᠰᠤᠨ ᠤ ᠨᠠᠰᠤᠲᠠᠶᠢᠴᠤᠳ ᠢ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠢᠶᠠᠷ ᠲᠣᠭᠲᠠᠭᠠᠵᠤ᠂ ᠬᠥᠮᠥᠨ ᠪᠦᠷᠢ ᠳᠤ ᠰᠠᠷ᠎ᠠ ᠳᠤ 50 ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠣᠯᠭᠤᠵᠤ᠂ 2022 ᠣᠨ ᠳᠤ ᠨᠡᠶᠢᠲᠡ 1151 ᠨᠠᠰᠤᠲᠠᠨ ᠤ ᠺᠠᠷᠲ ᠲᠤ ᠨᠠᠰᠤᠵᠢᠯ ᠤᠨ ᠦᠢᠯᠡᠴᠢᠯᠡᠭᠡᠨ ᠤ ᠨᠥᠬᠦᠪᠦᠷᠢ 57.6 ᠲᠦᠮᠡᠨ ᠲᠥᠭᠦᠷᠢᠭ ᠳᠠᠷᠬᠠᠭᠠᠵᠤ᠂ 2023 ᠣᠨ ᠤ 1 — 4 ᠰᠠᠷ᠎ᠠ ᠳᠤ 1174 ᠨᠠᠰᠤᠲᠠᠨ ᠳᠤ 21.7 ᠲᠦᠮᠡᠨ ᠲᠥᠭᠦᠷᠢᠭ ᠳᠠᠷᠬᠠᠭᠠᠵᠠᠢ᠃ ᠲᠠᠷᠠᠭᠠᠴᠢ ᠶᠢᠨ ᠠᠯᠬᠤᠮ ᠳᠤ ᠪᠢᠳᠡ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠪᠠ ᠥᠨᠳᠥᠷ ᠨᠠᠰᠤᠨ ᠤ ᠳᠡᠳᠬᠦᠪᠦᠷᠢ ᠤᠯᠭᠤᠬᠤ ᠠᠵᠢᠯ ᠢ ᠰᠠᠶᠢᠲᠤᠷ ᠬᠢᠵᠦ᠂ ᠨᠠᠰᠤᠲᠠᠶᠢᠴᠤᠳ ᠲᠤ ᠨᠠᠮ ᠵᠠᠰᠠᠭ ᠤᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠦᠨᠡᠨ ᠬᠦ ᠮᠡᠳᠡᠷᠡᠬᠦᠯᠦᠨ᠎ᠡ︶        ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ  ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠪᠣᠯᠣᠨ ᠥᠨᠳᠥᠷ ᠨᠠᠰᠤᠨ ᠤ ᠳᠡᠳᠬᠦᠪᠦᠷᠢ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠣᠳᠠᠲᠠᠢ ᠠᠳᠬᠤᠵᠤ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠳᠤ ᠬᠤᠯᠪᠣᠭᠳᠠᠭᠰᠠᠨ ᠣᠯᠠᠨ ᠵᠦᠢᠯ  ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠨᠠᠰᠤᠲᠠᠶᠢᠴᠤᠳ ᠲᠤ ᠦᠢᠯᠡᠴᠢᠯᠡᠬᠦ ᠡᠯ᠎ᠡ ᠵᠦᠢᠯ ᠤᠨ ᠠᠵᠢᠯ  ᠢ ᠨᠠᠷᠢᠯᠢᠭ ᠪᠤᠳᠠᠳᠠᠢ ᠠᠳᠬᠤᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠦᠨᠡᠨᠬᠦ ᠳᠡᠭᠡᠭᠰᠢᠯᠡᠬᠦᠯᠵᠦ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号