︽ᠤᠷᠤᠯᠠᠨ ᠭᠦᠢᠴᠡᠳᠬᠡᠵᠦ ᠬᠠᠪᠰᠤᠷᠤᠨ ᠭᠦᠢᠴᠡᠳᠭᠡᠬᠦ︾ ᠦᠢᠯᠡᠴᠢᠯᠡᠭᠡ ᠠᠷᠠᠳ ᠤᠨ ᠰᠡᠳᠬᠢᠯ ᠢ ᠳᠤᠯᠠᠭᠠᠯᠠᠨ᠎ᠠ
ᠨᠡᠶᠢᠲᠡᠯᠡᠭᠰᠡᠨ ᠴᠠᠭ᠄
2023/12/26
    ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠠᠶᠢᠬᠠᠨᠲᠠᠯ᠎ᠠ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︽ᠤᠷᠤᠯᠠᠨ ᠭᠦᠢᠴᠡᠳᠬᠡᠵᠦ ᠬᠠᠪᠰᠤᠷᠤᠨ ᠭᠦᠢᠴᠡᠳᠭᠡᠬᠦ︾ ᠦᠢᠯᠡᠴᠢᠯᠡᠭᠡ ᠶᠢ ᠪᠠᠶᠢᠩᠭᠤᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠡᠢ᠃    ᠤᠶᠢᠷ᠎ᠠ ᠳᠤ᠂ ᠰᠠᠶᠢᠬᠠᠨᠲᠠᠯ᠎ᠠ ᠪᠠᠯᠭᠠᠰᠤᠨ ᠤ ᠪᠠᠶᠠᠨᠬᠠᠩᠭᠠᠢ ᠭᠠᠴᠠᠭᠠᠨ ᠤ ᠪᠤᠷᠤᠴᠢᠯᠠᠭᠤ ᠶᠢᠨ ᠡᠬᠡᠨᠡᠷ ᠡᠷᠳᠡᠨᠢᠴᠢᠮᠡᠭ ᠨᠢᠳᠤᠨᠤᠨ ᠮᠡᠰᠡ ᠵᠠᠰᠠᠯ ᠬᠢᠯᠭᠡᠵᠦ  ᠬᠥᠳᠡᠯᠵᠦ ᠪᠠᠷᠢᠬᠤ ᠳᠤ ᠳᠥᠭᠦᠮ ᠦᠭᠡᠢ ᠪᠠᠶᠢᠭ᠎ᠠ ᠪᠠᠶᠢᠳᠠᠯ ᠢ ᠤᠶᠢᠯᠠᠭᠠᠭᠰᠠᠨ ᠤ ᠳᠠᠷᠠᠭ᠎ᠠ᠂ ᠰᠠᠶᠢᠬᠠᠨᠲᠠᠯ᠎ᠠ ᠪᠠᠯᠭᠠᠰᠤᠨ ᠤ ︽ᠤᠷᠤᠯᠠᠨ ᠭᠦᠢᠴᠡᠳᠬᠡᠵᠦ ᠬᠠᠪᠰᠤᠷᠤᠨ ᠭᠦᠢᠴᠡᠳᠭᠡᠬᠦ︾ ᠦᠢᠯᠡᠴᠢᠯᠡᠭᠡᠨ ᠤ ᠠᠩᠭᠢ ᠶᠢᠨ ᠬᠢᠨ ᠳᠠᠷᠤᠢ ᠲᠦᠷᠭᠡᠨ ᠲᠡᠳᠡᠨ ᠤ ᠬᠢ ᠳᠤ ᠬᠦᠷᠴᠦ ᠪᠤᠷᠤᠴᠢᠯᠠᠭᠤ ᠶᠢ ᠳᠤᠰᠤᠨ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠬᠦᠷᠴᠦ᠂ ᠵᠡᠮᠳᠡᠭᠴᠦᠳ ᠤᠨ ᠦᠨᠡᠮᠯᠡᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠪᠥᠬᠦ ᠶᠠᠪᠤᠴᠠ ᠳᠤ ᠪᠠᠷ᠎ᠠ ᠪᠣᠯᠵᠤ ᠬᠠᠪᠰᠤᠷᠤᠨ ᠭᠦᠢᠴᠡᠳᠬᠡᠭᠰᠡᠨ ᠢᠶᠠᠷ ᠪᠠᠷᠠᠬᠤ ᠦᠭᠡᠢ᠂ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠪᠠᠰᠠ ᠪᠤᠷᠤᠴᠢᠯᠠᠭᠤ ᠶᠢᠨ ᠬᠢᠨ ᠢ ᠲᠤᠬᠤᠨᠢᠭᠤᠯᠤᠨ ᠦᠵᠡᠵᠦ᠂ ᠣᠨᠴᠠᠭᠠᠶ ᠬᠦᠴᠢᠷᠳᠡᠯ ᠲᠠᠢ ᠬᠥᠮᠥᠰ ᠤᠨ ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠡᠢ᠃    ᠲᠠᠷᠠᠭᠠᠴᠢ ᠶᠢᠨ ᠠᠯᠬᠤᠮ ᠳᠤ᠂ ᠰᠠᠶᠢᠬᠠᠨᠲᠠᠯ᠎ᠠ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠦᠭᠡᠢ ᠭᠡᠬᠦ ᠣᠶᠢᠯᠠᠭᠠᠭᠳᠠᠬᠤᠨ ᠢ ᠦᠷᠭᠦᠯᠵᠢᠯᠡᠨ ᠬᠡᠷᠡᠭᠵᠢᠭᠦᠯᠵᠦ᠂ ᠣᠨᠴᠠᠭᠠᠶ ᠬᠦᠴᠢᠷᠳᠡᠯ ᠲᠠᠢ ᠬᠥᠮᠥᠰ ᠲᠤ ᠦᠢᠯᠡᠴᠢᠯᠡᠬᠦ ᠠᠷᠭ᠎ᠠ ᠮᠠᠶ᠋ᠢᠭ ᠢ ᠨᠠᠷᠢᠯᠢᠭᠵᠢᠭᠤᠯᠤᠨ᠂ ᠭᠡᠷ  ᠲᠤᠨᠢ ᠬᠦᠷᠴᠦ ᠦᠢᠯᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠨᠴᠠᠭᠠᠶ  ᠬᠦᠴᠢᠷᠳᠡᠯ ᠲᠠᠢ ᠬᠦᠮᠦᠰ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠤᠷᠤᠯᠠᠨ ᠭᠦᠢᠴᠡᠳᠬᠡᠵᠦ ᠬᠠᠪᠰᠤᠷᠤᠨ ᠭᠦᠢᠴᠡᠳᠭᠡᠬᠦ ᠦᠢᠯᠡᠴᠢᠯᠡᠭᠡ ᠶᠢ ᠪᠠᠶᠢᠩᠭᠤᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号