ᠮᠠᠨ ᠤ ᠬᠤᠰᠢᠭᠤᠨ ᠤ 2023 ᠣᠨ ᠤ ︽4 . 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2023/12/26
  4 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠯᠪᠠᠨ ᠭᠡᠷ᠂ ᠬᠤᠰᠢᠭᠤ ᠠᠷᠠᠳ ᠤᠨ ᠰᠡᠷᠭᠡᠶᠢᠯᠡᠯᠲᠡ ᠶᠢᠨ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠬᠠᠮᠲᠤᠷᠠᠨ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠨᠡᠶᠢᠭᠡᠮ ᠤᠨ ᠰᠠᠭᠤᠷᠢ ᠶᠢ ᠪᠠᠬᠢᠵᠢᠭᠦᠯᠬᠦ︾ ᠪᠠᠷ ᠭᠤᠤᠯ ᠰᠡᠳᠦᠪ ᠪᠣᠯᠭᠠᠭᠰᠠᠨ 2023 ᠣᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠬᠢᠵᠦ᠂ ︽ᠤᠯᠠᠭᠠᠨ ᠪᠣᠭᠴᠣ +︾ ᠬᠡᠯᠪᠡᠷᠢ ᠪᠠᠷ ᠪᠦᠬᠦ ᠨᠡᠶᠢᠭᠡᠮ ᠢᠶᠠᠷ ᠢᠶᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠯ᠎ᠡ ᠵᠦᠶᠯ ᠤᠨ ᠠᠵᠢᠯ ᠳᠤ ᠬᠠᠮᠲᠤ ᠪᠠᠷ ᠤᠷᠤᠯᠴᠠᠬᠤ ᠶᠢ ᠤᠷᠢᠶᠠᠯᠠᠵᠠᠢ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ  ᠤᠨ ᠱᠦᠵᠢ ᠲᠤᠯᠭᠠᠭᠤᠷᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠵᠢᠷᠦᠬᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠥᠩ ᠬᠤᠩ ᠪᠢᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠪᠠᠨ ᠵᠢᠶᠠᠨ ᠶᠢᠩ᠂ ᠬᠤᠰᠢᠭᠤ  ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠣᠣ ᠶᠦᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶᠠᠷ ᠵᠢᠴᠢ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠥᠯᠥᠭᠡᠯᠡᠭᠴᠢ ᠠᠵᠢᠯᠯᠠᠭ᠎ᠠ ᠳᠤ ᠤᠷᠤᠯᠴᠠᠵᠠᠢ᠃    ᠡᠬᠢᠯᠡᠯᠲᠡ ᠶᠢᠨ ᠶᠣᠰᠣᠯᠠᠯ ᠳᠤ᠂ ᠲᠤᠯᠭᠠᠭᠤᠷᠢ ᠨᠠᠢᠮᠠᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ  ᠤ ᠬᠥᠮᠦᠵᠢᠯ ᠤᠨ ᠡᠳᠦᠷ ᠤᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃    ᠠᠵᠢᠯᠯᠠᠭ᠎ᠠ ᠨᠢ ᠪᠥᠬᠦ ᠬᠤᠰᠢᠭᠤᠨ ᠤ ︽ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ︾   ᠶᠢᠨ ᠰᠢᠯᠢᠳᠡᠭ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ ᠤᠨ ᠤᠷᠤᠯᠳᠤᠭᠠᠨ ᠤ ᠰᠢᠯᠢᠳᠡᠭ ᠪᠦᠲᠦᠭᠡᠯ ᠤᠨ ᠱᠠᠩᠨᠠᠯ ᠬᠦᠷᠲᠡᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠳᠠᠷᠠᠭ᠎ᠠ ᠨᠢ ᠤᠳᠤᠷᠢᠳᠤᠯᠭ᠎ᠠ ᠨᠠᠷ ᠭᠤᠤᠯ ᠰᠡᠳᠦᠪᠲᠦ ᠠᠵᠢᠯᠯᠠᠭ᠎ᠠ ᠶᠢᠨ ᠬᠥᠨᠳᠡᠯᠡᠨ ᠪᠢᠴᠢᠭᠡᠰᠦ ᠳᠡᠭᠡᠷ᠎ᠡ ᠭᠠᠷ ᠤᠨ ᠥᠰᠥᠭ ᠵᠢᠷᠤᠪᠠ᠃    ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠬᠤᠰᠢᠭᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠦᠵᠡᠭᠦᠯᠦᠯᠭᠡ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠠᠶᠢᠯᠪᠤᠷᠢᠯᠠᠯᠲᠠ ᠬᠢᠬᠦ ᠵᠢᠴᠢ ᠤᠬᠠᠭᠤᠯᠭ᠎ᠠ ᠶᠢᠨ ︽ᠤᠯᠠᠭᠠᠨ ᠪᠣᠭᠴᠣ︾ ᠪᠠᠷ ᠠᠴᠢᠶᠠᠯᠠᠪᠤᠷᠢ ᠪᠤᠯᠭᠠᠨ ᠤᠬᠠᠭᠤᠯᠬᠤ ᠬᠠᠭᠤᠳᠠᠰᠤ᠂ ᠤᠬᠠᠭᠤᠯᠭ᠎ᠠ ᠶᠢᠨ ᠮᠠᠲ᠋ᠧᠷᠢᠶᠠᠯ ᠢ ᠲᠤᠬᠠᠶ ᠶᠢᠨ ᠲᠠᠯᠠᠪᠠᠢ ᠶᠢᠨ ᠬᠦᠮᠦᠰ ᠲᠤ ᠲᠠᠷᠬᠠᠭᠠᠬᠤ ᠪᠠᠷ ᠳᠠᠮᠵᠢᠨ᠂ ᠥᠷᠭᠡᠨ ᠤᠯᠠᠨ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠤ ᠬᠠᠤᠯᠢ᠂ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠬᠠᠤᠯᠢ᠂ ᠰᠦᠯᠵᠢᠶᠡᠨ ᠤ ᠠᠮᠤᠷ ᠲᠦᠪᠰᠢᠨ ᠤ ᠬᠠᠤᠯᠢ ᠵᠡᠷᠭᠡ ᠤᠯᠤᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠪᠠ ᠰᠦᠷᠳᠡᠭᠦᠯᠦᠯ ᠢ ᠰᠡᠷᠭᠡᠶᠢᠯᠡᠬᠦ᠂ ᠮᠡᠬᠡᠯᠡᠯ ᠢ ᠰᠡᠷᠭᠡᠶᠢᠯᠡᠬᠦ᠂ ᠭᠠᠵᠢᠭᠤ ᠨᠣᠮᠯᠠᠯ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠤᠯᠤᠰ ᠤᠨ ᠠᠮᠤᠷ ᠲᠦᠪᠰᠢᠨ ᠤ ᠬᠥᠮᠦᠵᠢᠯ ᠢ ᠠᠯᠪᠠᠨ ᠪᠠᠶᠢᠭᠤᠯᠭ᠎ᠠ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠦᠨᠳᠦᠰᠦᠨ ᠱᠠᠲᠤᠨ ᠳᠤ ᠬᠦᠷᠭᠡᠬᠦ ᠶᠢ ᠠᠬᠢᠭᠤᠯᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠨᠡᠶᠢᠭᠡᠮ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号