59 ᠨᠠᠰᠤᠲᠠᠢ ᠮᠠᠯᠴᠢᠨ ᠤᠯᠤᠰ ᠤᠨ 5 ᠲᠦᠷᠦᠯ ᠤᠨ ᠲᠤᠰᠬᠠᠢ ᠠᠰᠢᠭ ᠤᠨ ᠡᠷᠬᠡ ᠶᠢ ᠬᠦᠷᠳᠡᠯ᠎ᠡ
ᠨᠡᠶᠢᠲᠡᠯᠡᠭᠰᠡᠨ ᠴᠠᠭ᠄
2023/12/26
   ᠮᠠᠨ ᠤ ᠬᠤᠰᠢᠭᠤ ᠣᠷᠣᠨ ᠨᠤᠲᠤᠭ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠨ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃ ︽ᠤᠷᠤᠯᠳᠤᠯᠭ᠎ᠠ ᠰᠠᠶᠢᠳᠤ ᠤᠷᠤᠢ ᠳᠤᠨᠢ ᠭᠠᠷᠤᠨ᠎ᠠ︾ ᠭᠡᠳᠡᠭ ᠢᠶᠠᠷ ᠰᠠᠶᠢᠬᠠᠠᠠᠦ᠋ᠯᠵᠡᠢ ᠰᠤᠮᠤᠨ ᠤ ᠪᠠᠶᠠᠨᠬᠠᠷᠠᠭᠠᠳᠤ ᠭᠠᠴᠠᠭᠠᠨ ᠤ ᠮᠠᠯᠴᠢᠨ ᠭᠠᠩᠰᠦ᠋ᠬᠡ ᠮᠠᠯᠵᠢᠬᠤ ᠦᠢᠯᠡᠳᠪᠦᠷᠢᠯᠡᠯ ᠳᠤ ᠭᠡᠷᠡᠭᠯᠡᠬᠦ ᠮᠠᠰᠢᠨ ᠲᠦᠭᠦᠬᠡᠷᠦᠮᠵᠢ ᠦᠢᠯᠡᠳᠦᠭᠡᠳ ᠂ ᠠᠵᠤ ᠠᠮᠢᠳᠤᠷᠠᠯ᠂ ᠮᠠᠯᠴᠢᠨ ᠲᠦᠮᠡᠨ ᠳᠤ ᠪᠠᠨ ᠲᠦᠭᠦᠮ ᠦᠵᠡᠬᠦᠯᠦᠭᠰᠡᠨ ᠢᠶᠠᠷ ᠪᠠᠷᠠᠬᠤ ᠦᠬᠡᠢ᠂ ᠤᠯᠤᠰ ᠤᠨ 5 ᠲᠦᠷᠦᠯ ᠤᠨ ᠳᠤᠰᠬᠠᠢ ᠠᠰᠢᠭ ᠤᠨ ᠡᠷᠭᠡ ᠶᠢ ᠤᠯᠤᠭᠰᠠᠨ ᠪᠠᠶᠢᠨ᠎ᠠ᠃    ᠵᠢᠷᠠ ᠰᠢᠬᠠᠵᠤ ᠵᠠᠵᠢᠨ ᠦᠰᠦ ᠨᠢ ᠪᠤᠭᠤᠷᠤᠯᠳᠤᠭᠰᠠᠨ ᠴᠦ ᠭᠠᠩᠰᠦ᠋ᠬᠡ ᠠᠵᠢᠯᠴᠢ᠂ ᠶᠠᠭᠤᠮᠠᠨ ᠳᠤ ᠡᠪ ᠲᠦᠢ  ᠲᠠᠢ᠂ ᠰᠢᠨ᠎ᠡ ᠶᠢ ᠡᠭᠦᠳᠬᠦ ᠳᠤᠷᠠᠳᠠᠢ᠂ ᠤᠷᠤᠯᠳᠤᠯᠭ᠎ᠠ ᠰᠠᠶᠢᠳᠠᠢ ᠪᠦᠲᠦᠭᠡᠯᠴᠢ ᠬᠦᠮᠦᠨ ᠶᠤᠮ᠃ ᠲᠡᠷᠡ ᠠᠦ᠋ᠲ᠋ᠤᠴᠢᠯᠠᠭᠰᠠᠨ ᠤᠰᠤᠨ ᠤ ᠨᠡᠬᠡᠯᠡᠬᠡᠢ ᠪᠠ ᠤᠰᠤᠨ ᠲᠦᠪᠰᠢᠨ ᠤ ᠬᠡᠮᠵᠢᠬᠦᠷᠯᠢᠭ ᠢ ᠨᠢᠭᠡᠳᠬᠡᠭᠰᠡᠨ ᠲᠦᠭᠦᠭᠡᠷᠦᠮᠵᠢ ᠰᠤᠳᠤᠯᠤᠨ ᠡᠭᠦᠳᠴᠦ᠂ ᠮᠠᠯ ᠤᠰᠤᠯᠠᠬᠤ ᠤᠩᠭᠤᠴᠠᠨ ᠳᠤ ᠪᠠᠨ ᠳᠠᠭᠠᠷᠠᠭᠤᠯᠵᠤ ᠳᠠᠯᠪᠢᠭᠰᠠᠨ ᠨᠢ ᠬᠤᠳᠳᠤᠭ ᠤᠨ ᠤᠰᠤ ᠦᠪᠡᠷᠳᠡᠭᠡᠨ ᠭᠠᠷᠬᠤ ᠮᠦᠷᠳᠡᠭᠡᠨ ᠤᠩᠭᠤᠴᠠᠨ ᠤ ᠤᠰᠤ ᠪᠢᠯᠬᠠᠨ ᠠᠰᠬᠠᠷᠠᠬᠤ ᠠᠴᠠ ᠰᠡᠷᠬᠡᠶᠢᠯᠡᠨ᠂ ᠬᠠᠮᠢᠭ᠎ᠠ ᠭᠠᠭᠴᠠ ᠭᠠᠳᠠᠭᠰᠢ ᠳᠤᠳᠤᠭᠰᠢ ᠶᠠᠪᠤᠬᠤ ᠳᠤ᠂ ᠬᠤᠳᠳᠤᠭ ᠡᠷᠬᠢᠵᠦ ᠮᠠᠯ ᠬᠠᠷ᠎ᠠ ᠤᠰᠤᠯᠠᠬᠤ ᠬᠦᠮᠦᠨ ᠭᠤᠶᠤᠬᠤ ᠭᠡᠷᠡᠭ ᠦᠬᠡᠢ ᠪᠤᠯᠵᠤ᠂ ᠬᠦᠳᠡᠯᠮᠦᠷᠢ ᠬᠦᠴᠦ ᠶᠢ ᠨᠢ ᠪᠠᠭ᠎ᠠ ᠪᠤᠰᠤ ᠠᠷᠪᠢᠯᠠᠵᠤ ᠠᠮᠢᠳᠤᠷᠠᠯ ᠦᠢᠯᠡᠳᠪᠦᠷᠢᠯᠡᠯ ᠳᠤ ᠨᠢ ᠲᠦᠭᠦᠮ ᠪᠤᠯᠤᠭᠰᠠᠨ ᠪᠠᠶᠢᠨ᠎ᠠ᠃    ᠴᠠᠬᠢᠯᠭᠠᠨ ᠤᠳᠠᠰᠤ᠂ ᠡᠷᠬᠢ ᠱᠤᠷᠠᠭ᠂ ᠳᠡᠮᠦᠷ ᠢᠶᠠᠷ ᠲᠦᠭᠦᠷᠭᠡᠭᠰᠡᠨ ᠠᠵᠢᠯᠯᠠᠬᠤ ᠳᠠᠰᠤᠭ ᠲᠤ ᠪᠠᠨ ᠭᠠᠩᠨᠠᠵᠤ ᠭᠡᠷᠴᠢᠬᠦ ᠡᠯᠳᠡᠪ ᠮᠠᠰᠢᠨ ᠪᠠᠭᠠᠵᠢ ᠨᠤᠭᠤᠳ ᠢᠶᠠᠨ ᠵᠡᠷᠭᠡᠴᠡᠬᠦᠯᠦᠨ ᠳᠠᠯᠪᠢᠵᠤ᠂ ᠭᠠᠩᠨᠠᠭᠤᠷᠴᠢᠨ ᠤ ᠰᠢᠯ ᠢᠶᠠᠨ ᠵᠡᠬᠦᠴᠢᠬᠡᠬᠦ ᠶᠤᠮ ᠪᠤᠯ ᠭᠠᠷ ᠲᠤ ᠦᠷᠳᠦᠭᠰᠡᠨ ᠪᠦᠬᠦᠨ ᠢᠶᠠᠨ ᠭᠠᠶᠢᠬᠠᠮᠰᠢᠭ ᠲᠠᠢ ᠪᠦᠲᠦᠭᠡᠯ ᠪᠤᠯᠭᠠᠴᠢᠬᠠᠵᠤ ᠴᠢᠳᠠᠬᠤ  ᠪᠠᠷ ᠯᠡ ᠪᠠᠶᠢᠯ᠎ᠠ᠃ ᠭᠠᠩᠰᠦ᠋ᠬᠡ ᠮᠠᠯᠵᠢᠬᠤ ᠦᠢᠯᠡᠳᠪᠦᠷᠢᠯᠡᠯ ᠳᠤ ᠬᠡᠷᠡᠭᠴᠡᠭᠡ ᠲᠠᠢ ᠪᠠᠭᠠᠵᠢ ᠲᠦᠭᠦᠭᠡᠷᠦᠮᠵᠢ ᠬᠢᠳᠡᠭ  ᠢᠶᠠᠷ ᠢᠶᠠᠨ ᠬᠤᠯᠠ ᠤᠶᠢᠷ᠎ᠠ ᠶᠢᠨ ᠮᠠᠯᠴᠢᠳ ᠲᠤ ᠮᠡᠳᠡᠷᠡᠭᠳᠡᠨ᠂ ᠶᠡᠭᠡ ᠬᠡᠮᠵᠢᠶᠠᠨ ᠤ ᠵᠠᠬᠢᠶᠠᠯᠠᠭ᠎ᠠ ᠳᠤᠰᠳᠠᠭ᠃ ᠣᠶᠢᠷ᠎ᠠ ᠶᠢᠨ ᠬᠡᠳᠦᠨ ᠡᠳᠦᠷ ᠲᠡᠷᠡ ᠠᠦ᠋ᠲ᠋ᠤᠴᠢᠯᠠᠭᠰᠠᠨ ᠤᠰᠤᠨ ᠨᠡᠭᠡᠯᠡᠭᠡᠢ ᠪᠠᠨ ᠦᠭᠡᠷᠡᠴᠢᠯᠡᠨ ᠰᠠᠶᠢᠵᠢᠷᠠᠭᠤᠯᠵᠤ ᠮᠠᠯᠴᠢᠳ ᠤᠨ ᠵᠠᠬᠢᠶᠠᠯᠠᠭᠰᠠᠨ ᠪᠠᠷᠠᠭ᠎ᠠ ᠶᠢ ᠬᠢᠵᠦ ᠶᠠᠭᠠᠷᠠᠨ᠎ᠠ᠃    ᠭᠠᠩᠰᠦ᠋ᠬᠡ 2006 ᠣᠨ ᠳᠤ ᠥᠪᠡᠷ ᠤᠨ ᠭᠡᠰᠡᠨ ᠺᠣᠮᠫᠠᠨᠢ ᠡᠷᠬᠢᠯᠡᠵᠦ᠂ ᠤᠯᠤᠰ ᠤᠨ ᠲᠤᠰᠬᠠᠢ ᠠᠰᠢᠭ ᠤᠨ ᠡᠷᠬᠡ ᠶᠢ ᠤᠯᠤᠭᠰᠠᠨ ᠪᠦᠲᠦᠭᠡᠭᠳᠡᠬᠦᠨ ᠢᠶᠠᠨ ᠸᠢᠴᠠᠲ ᠪᠠᠷ ᠪᠤᠷᠤᠯᠠᠭᠤᠯᠬᠤ ᠶᠢᠨ ᠬᠠᠮᠳᠤ᠂ ᠤᠷᠤᠯᠠᠨ ᠪᠤᠷᠤᠯᠠᠭᠤᠯᠤᠭᠴᠢ ᠡᠯᠰᠡᠨ ᠠᠷᠠᠯᠵᠢᠶ᠎ᠠ ᠮᠠᠶᠢᠮᠠᠢ ᠪᠠᠨ ᠠᠮᠵᠢᠯᠳᠠ ᠲᠠᠢ ᠬᠢᠵᠦ᠂ ᠭᠡᠷᠡᠭᠯᠡᠭᠴᠢᠳ ᠲᠤ ᠲᠦᠬᠦᠮ ᠤᠨ ᠳᠤᠰᠠᠳᠠ ᠭᠡᠷᠡᠭᠯᠡᠬᠦ ᠠᠷᠭ᠎ᠠ᠂ ᠠᠩᠬᠠᠷᠬᠤ ᠵᠦᠢᠯᠡᠰ ᠤᠨ ᠳᠤᠳᠤᠷᠬᠠᠶᠢᠯᠠᠯᠳᠠ ᠶᠢ ᠨᠢ ᠸᠢᠳᠢᠤ᠋ ᠪᠢᠴᠢᠯᠭᠡ ᠪᠠᠷ ᠰᠢᠩᠭᠡᠭᠡᠨ ᠦᠢᠯᠡᠳᠴᠦ᠂ ᠬᠤᠳᠠᠯᠳᠤᠨ ᠠᠪᠤᠭᠴᠢᠳ ᠲᠤ ᠪᠠᠨ ᠪᠠᠶᠢᠩᠭᠤ ᠦᠢᠯᠡᠴᠢᠯᠡᠨ᠂ ᠬᠡᠷᠡᠭᠯᠡᠵᠦ ᠪᠠᠶᠢᠭ᠎ᠠ ᠪᠠᠶᠢᠳᠠᠯ ᠢ ᠨᠢ ᠠᠰᠠᠭᠤᠨ ᠯᠠᠪᠯᠠᠵᠤ᠂ ᠬᠠᠷᠢᠭᠤ ᠲᠤᠰᠬᠠᠯ ᠢ ᠨᠢ ᠦᠨᠳᠦᠰᠦᠯᠡᠨ ᠪᠦᠲᠦᠭᠡᠭᠳᠡᠬᠦᠨ ᠢᠶᠠᠨ ᠤᠯᠠᠮ ᠰᠠᠶᠢᠵᠢᠷᠠᠭᠤᠯᠤᠨ ᠰᠢᠨᠡᠳᠬᠡᠬᠦ ᠶᠢ ᠬᠢᠴᠢᠶᠡᠳᠡᠭ᠃    ᠬᠤᠳᠠᠯᠳᠤᠨ ᠠᠪᠤᠭᠴᠢ  ︵ᠸᠢᠳᠢᠤ᠋ ᠶᠠᠷᠢᠯᠴᠠᠭ᠎ᠠ︶᠄ ︵ᠪᠦᠲᠦᠭᠡᠭᠳᠡᠬᠦᠨ ᠨᠢ ᠮᠠᠰᠢ ᠰᠠᠶᠢᠨ᠂ ᠴᠠᠬᠢᠯᠭᠠᠨ ᠳᠤ ᠮᠠᠰᠢ ᠠᠷᠪᠢᠲᠠᠢ᠂ ᠭᠠᠯ ᠠᠪᠤᠯᠴᠠᠬᠤ ᠠᠶᠤᠯ ᠦᠬᠡᠢ᠂ ᠶᠠᠰᠤ ᠴᠢᠨᠠᠷ ᠤᠨ ᠪᠠᠳᠤᠯᠠᠭ᠎ᠠ ᠲᠠᠢ᠂ ᠡᠪᠳᠡᠷᠡᠵᠦ ᠮᠠᠭᠤᠳᠠᠬᠤ ᠦᠬᠡᠢ᠃ ᠥᠩᠭᠡᠷᠡᠭᠰᠡᠨ ᠳᠤ ᠪᠤᠰᠤᠳ ᠠᠴᠠ ᠬᠤᠳᠠᠯᠳᠤᠨ ᠠᠪᠤᠭᠰᠠᠨ ᠢ ᠪᠤᠯ ᠦᠷᠭᠦᠯᠵᠢ ᠰᠣᠯᠢᠳᠠᠭ᠂ ᠭᠠᠩᠰᠦ᠋ᠬᠡ  ᠶᠢᠨ ᠲᠤᠰᠬᠠᠢ ᠠᠰᠢᠭ ᠤᠨ ᠪᠦᠲᠦᠭᠡᠭᠳᠡᠬᠦᠨ ᠢ ᠬᠤᠳᠠᠯᠳᠤᠨ ᠠᠪᠤᠭᠰᠠᠨ ᠤ ᠳᠠᠷᠠᠭ᠎ᠠ ᠳᠠᠭᠢᠵᠤ ᠰᠣᠯᠢᠵᠤ ᠥᠩᠭᠡᠷᠡᠭᠰᠡᠨ ᠦᠭᠡᠢ︶    ᠡᠬᠦᠨ ᠠᠴᠠ ᠭᠠᠳᠠᠨ᠎ᠠ᠂ ᠭᠠᠩᠰᠦ᠋ᠬᠡ ᠤᠷᠢᠳ ᠬᠤᠵᠢᠳ ᠡᠪᠡᠰᠦ ᠬᠠᠳᠤᠬᠤ ᠮᠠᠰᠢᠨ᠂ ᠴᠠᠬᠢᠯᠭᠠᠨ ᠬᠥᠳᠡᠯᠭᠡᠭᠦᠷᠲᠦ ᠰᠦ ᠬᠤᠯᠢᠬᠤ ᠮᠠᠰᠢᠨ᠂ ᠠᠦ᠋ᠲ᠋ᠤᠴᠢᠯᠠᠭᠰᠠᠨ ᠤᠰᠤ ᠳᠠᠳᠠᠬᠤ ᠨᠡᠭᠡᠯᠡᠬᠡᠶ᠂ ᠴᠠᠭᠠᠨ ᠢᠳᠡᠭᠡᠨ ᠪᠤᠯᠪᠠᠰᠤᠷᠠᠭᠤᠯᠬᠤ ᠰᠠᠭᠤᠯᠠᠭ᠎ᠠ ᠵᠡᠷᠭᠡ ᠶᠢ ᠭᠠᠭᠴᠠᠭᠠᠷ ᠢᠶᠠᠨ ᠰᠤᠳᠤᠯᠤᠨ ᠦᠶᠯᠡᠳᠦᠭᠰᠡᠨ ᠪᠥᠭᠡᠳ ᠤᠯᠤᠰ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠤᠨ ᠡᠷᠭᠡ ᠶᠢ ᠵᠠᠯᠭᠠᠭ᠎ᠠ ᠪᠠᠷ ᠣᠯᠤᠭᠰᠠᠨ ᠪᠠᠶᠢᠨ᠎ᠠ᠃ ᠵᠢᠷ ᠤᠨ ᠨᠢᠬᠡᠨ ᠮᠠᠯᠴᠢᠨ ᠬᠦᠮᠦᠨ ᠤ ᠬᠤᠪᠢ ᠳᠤ᠂ ᠬᠠᠷᠠᠬᠠᠨ ᠪᠠᠭ᠎ᠠ ᠠᠴᠠ ᠪᠠᠨ ᠮᠠᠯᠵᠢᠯ ᠠᠮᠢᠳᠤᠷᠠᠯ ᠤᠨ ᠬᠠᠲᠠᠭᠤᠵᠢᠯᠲᠠᠶ ᠬᠦᠳᠡᠯᠮᠦᠷᠢ ᠶᠢ ᠬᠢᠭᠰᠡᠭᠡᠷ ᠢᠷᠡᠭᠰᠡᠨ ᠪᠤᠯᠬᠤᠷ᠂ ᠲᠡᠷᠡ ᠬᠡᠷ ᠪᠦᠯᠢ ᠶᠢᠨ ᠢᠶᠠᠨ ᠳᠠᠷᠤᠭᠠᠰᠤ ᠶᠢ ᠬᠦᠩᠭᠡᠷᠡᠬᠦᠯᠦᠨ᠂ ᠮᠠᠯᠴᠢᠨ ᠲᠦᠮᠡᠨ ᠤ ᠪᠠᠨ ᠬᠦᠳᠡᠯᠮᠦᠷᠢ ᠬᠦᠴᠦ ᠶᠢ ᠠᠷᠪᠢᠯᠠᠬᠤ ᠳᠤ ᠪᠠᠭ᠎ᠠ ᠴᠦ ᠬᠡᠰᠡᠨ ᠨᠡᠮᠡᠷᠢ ᠪᠤᠯᠬᠤ ᠶᠢ ᠵᠤᠷᠢᠳᠠᠭ ᠪᠠᠶᠢᠯ᠎ᠠ᠃    ᠲᠤᠰᠬᠠᠶ ᠠᠰᠢᠭ ᠤᠨ ᠡᠷᠭᠡ ᠶᠢ ᠤᠯᠤᠭᠰᠠᠨ ᠬᠡᠳᠦᠨ ᠵᠦᠢᠯ ᠤᠨ ᠪᠦᠲᠦᠭᠡᠭᠳᠡᠬᠦᠨ ᠠᠴᠠ ᠭᠠᠳᠠᠨ᠎ᠠ᠂ ᠳᠡᠬᠦᠨ ᠤ ᠡᠬᠦᠳᠦᠯᠳᠡ ᠶᠢᠨ ᠪᠦᠲᠦᠭᠡᠯ ᠮᠦᠨ ᠴᠦᠬᠡᠨ ᠦᠬᠡᠢ ᠪᠡᠶᠢᠯ᠎ᠠ᠃ ᠮᠠᠯᠳᠠᠭᠤᠷ ᠳᠡᠷᠭᠡᠨ ᠳᠡᠭᠡᠷ᠎ᠡ ᠭᠠᠩᠨᠠᠨ ᠵᠠᠯᠭᠠᠭᠰᠠᠨ ᠳᠡᠮᠦᠷ ᠭᠤᠤᠷᠰᠤ ᠨᠢ 1000 ᠵᠢᠩ ᠤᠨ ᠬᠦᠨᠳᠦ ᠶᠢ ᠳᠠᠭᠠᠭᠠᠵᠤ᠂ ᠡᠪᠡᠰᠦ  ᠳᠡᠵᠢᠭᠡᠯ ᠨᠠᠰᠢ ᠴᠠᠰᠢ ᠵᠦᠬᠡᠬᠡᠬᠦ ᠵᠡᠷᠭᠡ ᠳᠤ ᠤᠯᠠᠮ ᠲᠦᠭᠦᠮ ᠪᠤᠯᠤᠭᠰᠠᠨ ᠪᠠᠶᠢᠨ᠎ᠠ᠃ ᠮᠠᠯ ᠤᠨ ᠬᠠᠰᠢᠶ᠎ᠠ ᠰᠠᠷᠠᠪᠴᠢ᠂ ᠲᠡᠵᠢᠭᠡᠯ ᠪᠤᠷᠳᠤᠭᠠᠨ ᠤ ᠤᠩᠭᠤᠴᠠ ᠠᠴᠠ ᠡᠬᠢᠯᠡᠭᠡᠳ ᠦᠭᠡᠷ ᠱᠦᠷᠬᠦᠬᠡᠬᠦ ᠱᠦᠷᠭᠦᠭᠦᠯ ᠬᠦᠷᠳᠦ ᠬᠦᠷᠳᠡᠯ᠎ᠡ ᠬᠢᠭᠰᠡᠨ ᠪᠠᠶᠢᠬᠤ ᠨᠢ ᠮᠠᠯ ᠳᠤ ᠬᠠᠶᠢᠷᠠᠳᠠᠢ ᠬᠠᠰᠢᠷ ᠮᠠᠯᠴᠢᠨ᠂ ᠠᠵᠢᠭᠴᠢ ᠬᠢᠷᠠᠬᠠᠢ ᠵᠤᠬᠢᠶᠠᠨ ᠪᠦᠲᠦᠭᠡᠭᠴᠢ ᠬᠡᠳᠡᠭ ᠢ ᠨᠢ ᠶᠠᠭᠠᠬᠢᠬᠤ ᠶᠢᠨ ᠠᠷᠭ᠎ᠠ ᠦᠬᠡᠢ ᠢᠯᠡᠷᠭᠡᠶᠢᠯᠡᠨ᠎ᠡ᠃   ᠮᠠᠨ ᠤ ᠬᠤᠰᠢᠭᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠳᠡᠭᠡ ᠨᠤᠳᠤᠭ ᠲᠤ ᠦᠨᠳᠦᠷ ᠬᠦᠴᠦᠳᠡᠯᠳᠦ ᠴᠠᠬᠢᠯᠭᠠᠨ ᠲᠠᠢ ᠪᠤᠯᠤᠭᠰᠠᠨ ᠨᠢ ᠭᠠᠩᠰᠦ᠋ᠬᠡ ᠶᠢᠨ ᠴᠠᠶᠢᠶ᠋ᠢᠦ ᠮᠠᠰᠢᠨ ᠢᠶᠠᠷ ᠴᠠᠬᠢᠯᠭᠠᠨ ᠭᠠᠷᠭᠠᠵᠤ ᠭᠠᠩᠨᠠᠭᠤᠷ ᠬᠢᠵᠦ ᠪᠠᠶᠢᠭᠰᠠᠨ ᠢ ᠪᠤᠳᠤᠪᠠᠯ᠂ ᠮᠦᠩᠭᠦ ᠲᠦᠭᠦᠷᠢᠭ ᠲᠤ ᠭᠠᠮᠳᠠᠢ᠂ ᠬᠦᠴᠦ ᠠᠷᠪᠢᠯᠠᠬᠤ ᠪᠠᠷ ᠪᠠᠷᠠᠬᠤ ᠦᠬᠡᠢ᠂ ᠦᠢᠯᠡᠳᠦᠭᠰᠡᠨ ᠪᠦᠲᠦᠭᠡᠭᠳᠡᠬᠦᠨ ᠨᠢ ᠴᠦ ᠭᠡᠷᠡᠭᠯᠡᠬᠦ ᠳᠤ ᠤᠯᠠᠮ ᠲᠦᠭᠦᠮ ᠪᠤᠯᠵᠠᠢ᠃    ᠮᠠᠯᠵᠢᠬᠤ ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠮᠠᠯᠵᠢᠬᠤ ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠪᠠᠯ ᠰᠠᠶ᠋ᠢ ᠮᠠᠯ ᠠᠵᠤ ᠠᠬᠤᠶ  ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠲᠦᠷᠭᠡᠳᠬᠡᠵᠦ ᠴᠢᠳᠠᠨ᠎ᠠ᠃  ᠰᠠᠶᠢᠬᠠᠠᠠᠦ᠋ᠯᠵᠡᠢ ᠰᠤᠮᠤ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠬᠡᠷᠡᠭᠵᠢᠭᠦᠯᠵᠦ᠂ ᠮᠠᠯᠵᠢᠬᠤ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠪᠠ ᠤᠷᠮᠠᠰᠢᠭᠤᠯᠬᠤ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠬᠦᠯᠵᠦ ᠪᠠᠶᠢᠨ᠎ᠠ᠃    ᠰᠤᠷᠪᠤᠯᠵᠢᠯᠠᠭ᠎ᠠ᠄ ᠰᠠᠶᠢᠬᠠᠠᠠᠦ᠋ᠯᠵᠡᠢ ᠰᠤᠮᠤᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠡᠷᠬᠢᠯᠡᠭᠴᠢ ᠪᠦᠷᠢᠨᠵᠠᠨ᠎ᠠ ︵ᠣᠳᠣᠬᠠᠨ ᠳᠤ᠂ ᠮᠠᠨ ᠤ ᠰᠤᠮᠤᠨ ᠤ ᠮᠡᠷᠭᠡᠵᠢᠯ ᠤᠨ ᠴᠢᠳᠠᠪᠤᠷᠢᠲᠠᠨ ᠳᠤ ᠴᠠᠭᠠᠨ ᠢᠳᠡᠭᠡ ᠪᠤᠯᠪᠠᠰᠤᠷᠠᠭᠤᠯᠬᠤ᠂ ᠢᠴᠡᠭᠡᠯ ᠦᠷ᠎ᠡ ᠶᠢᠨ ᠮᠡᠷᠭᠡᠵᠢᠯ ᠤᠨ ᠬᠡᠷᠡᠭᠯᠡᠯᠲᠡ᠂ ᠳᠤᠬᠠᠢ ᠶᠢᠨ ᠭᠠᠵᠠᠷ ᠤᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠵᠡᠷᠭᠡ ᠪᠠᠭᠲᠠᠨ᠎ᠠ ᠃ ᠬᠤᠶᠢᠰᠢᠳᠠ᠂ ᠮᠠᠨ ᠤ ᠰᠤᠮᠤ ᠥᠨᠳᠥᠷ ᠬᠡᠪ ᠪᠣᠯᠪᠠᠰᠤᠷᠠᠯ ᠲᠠᠢ ᠮᠠᠯᠴᠢᠳ ᠤᠨ ᠪᠣᠯᠪᠠᠰᠤᠷᠠᠯ ᠳᠠᠬᠢ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯᠪᠡᠭ ᠪᠠᠶᠠᠯᠢᠭ ᠠᠭᠤᠯᠭ᠎ᠠ ᠲᠠᠢ᠂ ᠰᠢᠨ᠎ᠡ ᠬᠡᠯᠪᠡᠷᠢ ᠶᠢᠨ ᠬᠥᠮᠦᠵᠢᠯ ᠪᠣᠯᠪᠠᠰᠤᠷᠠᠯ ᠢ ᠨᠠᠩ ᠣᠯᠠᠨ ᠡᠷᠭᠢᠯᠡᠵᠦ᠂ ᠰᠣᠶᠣᠯ ᠲᠠᠢ᠂ ᠮᠡᠷᠭᠡᠵᠢᠯ ᠲᠠᠢ᠂ ᠡᠵᠡᠩᠨᠡᠯᠲᠡ  ᠳᠡᠭᠡᠨ ᠴᠢᠳᠠᠮᠠᠭᠠᠶ᠂  ᠬᠠᠮᠢᠶᠠᠷᠤᠯᠳᠠ ᠶᠢᠨ ᠴᠢᠳᠠᠪᠤᠷᠢ ᠲᠠᠢ᠂ ᠥᠨᠳᠥᠷ ᠬᠡᠪ ᠪᠣᠯᠪᠠᠰᠤᠷᠠᠯ ᠲᠠᠢ ᠮᠠᠯᠴᠢᠳ ᠤᠨ ᠡᠩᠨᠡᠭᠡ ᠶᠢ ᠪᠠᠶᠢᠭᠤᠯᠤᠨ᠎ᠠ᠃ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠢ ᠦᠨᠡᠨᠬᠦ ᠪᠡᠶᠡᠯᠡᠭᠦᠯᠵᠦ᠂ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠮᠠᠯᠴᠢᠳ ᠤᠨ ᠣᠳᠣᠬᠢᠴᠢᠯᠠᠯᠲᠠ  ᠶᠢᠨ ᠠᠬᠢᠴᠠ ᠳᠤ ᠦᠷᠭᠦᠯᠵᠢᠯᠡᠨ ᠡᠷᠬᠡ ᠲᠡᠭᠰᠢ ᠪᠠᠷ ᠣᠷᠣᠯᠴᠠᠬᠤ ᠶᠢ ᠪᠠᠲᠤᠯᠠᠵᠤ᠂ ᠥᠭᠡᠷᠡᠴᠢᠯᠡᠯᠲᠡ ᠬᠥᠭᠵᠢᠯᠲᠡ  ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ  ᠃  ︶  ᠮᠠᠨ ᠤ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠣᠨ ᠨᠤᠲᠤᠭ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠬᠥᠮᠦᠵᠢᠭᠦᠯᠬᠦ ᠪᠠᠷ ᠬᠦᠴᠦᠯᠡᠬᠦ ᠴᠡᠭ ᠢᠶᠠᠨ ᠪᠣᠯᠭᠠᠵᠤ᠂ ᠮᠠᠯᠴᠢᠳ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ᠂ ᠬᠡᠷᠡᠭᠯᠡᠭᠡᠨ ᠤ ᠤᠷ᠎ᠠ ᠴᠢᠳᠠᠪᠤᠷᠢ᠂ ᠮᠠᠯ ᠠᠵᠤ ᠠᠬᠤᠶ ᠶᠢᠨ ᠮᠡᠷᠭᠡᠵᠢᠯ᠂ ᠴᠠᠭᠠᠨ ᠢᠳᠡᠭᠡ ᠪᠤᠯᠪᠠᠰᠤᠷᠠᠭᠤᠯᠬᠤ ᠵᠡᠷᠭᠡ ᠡᠯ᠎ᠡ ᠲᠥᠷᠥᠯ ᠤᠨ ᠤᠷ᠎ᠠ ᠴᠢᠳᠠᠪᠤᠷᠢ  ᠶᠢᠨ ᠪᠣᠯᠪᠠᠰᠤᠷᠠᠯ ᠢ ᠶᠡᠭᠡ ᠪᠠᠷ ᠥᠷᠨᠢᠭᠦᠯᠵᠦ᠂ ᠨᠠᠩ ᠣᠯᠠᠨ ᠮᠠᠯᠴᠢᠳ ᠢ ᠬᠥᠮᠦᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠮᠠᠯᠵᠢᠬᠤ ᠣᠷᠣᠨ ᠤ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠪᠠᠬᠢᠵᠢᠭᠦᠯᠵᠦ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号