︽ᠤᠤᠭᠠᠯ ᠮᠠᠯᠵᠢᠯ︾ ᠠᠮᠢᠳᠤ ᠮᠠᠯ ᠤᠨ ᠠᠷᠠᠯᠵᠢᠶᠠᠨ ᠤ ᠵᠠᠬ᠎ᠠ ᠶᠢᠨ ᠠᠷᠠᠯᠵᠢᠶ᠎ᠠ ᠪᠠᠨ ᠡᠬᠢᠯᠡᠭᠦᠯᠦᠭᠰᠡᠨ
ᠨᠡᠶᠢᠲᠡᠯᠡᠭᠰᠡᠨ ᠴᠠᠭ᠄
2023/12/26
   ᠡᠷᠢᠶᠡᠨᠨᠠᠭᠤᠷ ᠰᠤᠮᠤᠨ ᠤ ᠠᠮᠢᠳᠤ ᠮᠠᠯ ᠤᠨ ᠬᠠᠮᠤᠭ ᠲᠤᠮᠤ ᠠᠷᠠᠯᠵᠢᠶᠠᠨ ᠤ ᠵᠠᠬ᠎ᠠ ᠪᠣᠯᠬᠤ ᠤᠤᠭᠠᠯ ᠮᠠᠯᠵᠢᠯ ᠠᠮᠢᠳᠤ ᠮᠠᠯ ᠤᠨ ᠠᠷᠠᠯᠵᠢᠶᠠᠨ ᠤ ᠵᠠᠬ᠎ᠠ ᠡᠨᠡ ᠵᠢᠯ ᠤᠨ ᠠᠷᠠᠯᠵᠢᠶ᠎ᠠ ᠡᠬᠢᠯᠡᠭᠰᠡᠨ ᠠᠩᠬᠠᠨ ᠤ ᠡᠳᠦᠷ ᠢᠶᠠᠨ ᠤᠭᠲᠤᠵᠤ᠂ ᠮᠠᠯᠴᠢᠳ ᠠᠷᠠᠯᠵᠢᠶᠠᠴᠢᠳ ᠦᠨ᠎ᠡ ᠬᠠᠩᠰᠢ ᠶᠠᠷᠢᠯᠴᠠᠨ ᠠᠷᠠᠯᠵᠢᠶ᠎ᠠ ᠬᠢᠵᠦ ᠶᠠᠭᠠᠷᠠᠯᠳᠤᠨ᠎ᠠ᠃    ᠰᠠᠶᠢᠬᠠᠨᠲᠠᠯ᠎ᠠ ᠪᠠᠯᠭᠠᠰᠤᠨ ᠤ ᠲᠥᠬᠦᠮ ᠭᠠᠴᠠᠭᠠᠨ ᠤ ᠮᠠᠯᠴᠢᠨ ᠬᠠᠰᠠᠠᠭᠤᠯᠠ ᠥᠷᠯᠦᠭᠡ ᠡᠷᠲᠡ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠤ ᠬᠦᠷᠴᠦ ᠢᠷᠡᠯ᠎ᠡ᠃ ᠲᠡᠷᠡ ᠡᠨᠡ ᠤᠳᠠᠭ᠎ᠠ 14 ᠠᠳᠤᠭᠤ ᠬᠤᠳᠠᠯᠳᠤᠬᠤ ᠰᠠᠨᠠᠭ᠎ᠠ ᠲᠠᠢ ᠢᠷᠡᠵᠡᠢ᠃     ᠰᠠᠶᠢᠬᠠᠨᠲᠠᠯ᠎ᠠ ᠪᠠᠯᠭᠠᠰᠤᠨ ᠤ ᠲᠥᠬᠦᠮ ᠭᠠᠴᠠᠭᠠᠨ ᠤ ᠮᠠᠯᠴᠢᠨ ᠬᠠᠰᠠᠠᠭᠤᠯᠠ᠄ ᠤᠤᠯ ᠨᠢ ᠮᠠᠨᠤᠰ ᠶᠠᠪᠤᠭᠤᠯ ᠠᠷᠠᠯᠵᠢᠶᠠᠴᠢᠨ ᠳᠤ ᠥᠭᠬᠦ ᠳᠤ ᠪᠠᠷᠤᠭᠯᠠᠭᠠᠳ ᠥᠭᠴᠢᠬᠡᠳᠡᠭ᠂ ᠤᠳᠤ ᠡᠨᠡ ᠤᠤᠭᠠᠯ ᠮᠠᠯᠵᠢᠯ ᠠᠷᠠᠯᠵᠢᠶᠠᠨ ᠤ ᠵᠠᠬ᠎ᠠ ᠭᠠᠷᠤᠭᠰᠠᠨ ᠠᠴᠠ ᠬᠤᠶᠢᠰᠢ᠂ ᠲᠠᠯᠪᠢᠭᠤᠷ ᠵᠢᠩ ᠳᠡᠭᠡᠷ᠎ᠡ ᠭᠠᠷᠭᠠᠵᠤ ᠵᠢᠩᠨᠡᠭᠡᠳ ᠥᠭᠬᠦ ᠪᠤᠯᠬᠤᠷ ᠦᠨ᠎ᠡ ᠬᠠᠩᠰᠢ ᠨᠢ ᠪᠠᠭ᠎ᠠ ᠰᠠᠭ᠎ᠠ ᠥᠨᠳᠦᠷ᠂ ᠮᠠᠯᠴᠢᠳ ᠲᠤ ᠠᠰᠢᠭᠲᠠᠢ ᠪᠠᠶᠢᠨ᠎ᠠ᠃ ᠳᠤᠰᠤ ᠤᠰᠤᠨ ᠤ ᠵᠠᠷᠤᠳᠠᠯ ᠪᠠᠰᠠ ᠨᠡᠯᠢᠶᠡᠳ ᠠᠷᠪᠢᠯᠠᠵᠤ ᠪᠠᠶᠢᠨ᠎ᠠ᠃    ᠤᠤᠭᠠᠯ ᠮᠠᠯᠵᠢᠯ ᠠᠮᠢᠳᠤ ᠮᠠᠯ ᠤᠨ ᠠᠷᠠᠯᠵᠢᠶᠠᠨ ᠤ ᠵᠠᠬ᠎ᠠ ᠨᠢ ᠰᠠᠶᠢᠬᠠᠨᠲᠠᠯ᠎ᠠ ᠪᠠᠯᠭᠠᠰᠤᠨ ᠠᠴᠠ 50 ᠺᠢᠯᠣᠮᠧᠲᠷ ᠵᠠᠶᠢᠲᠠᠶ᠂ ᠠᠮᠬᠠᠤᠰᠤ ᠭᠠᠴᠠᠭᠠᠨ ᠤ ᠲᠥᠪ ᠠᠴᠠ 2 ᠺᠢᠯᠣᠮᠧᠲᠷ ᠵᠠᠶᠢᠲᠠᠶ ᠪᠠᠶᠢᠷᠢᠯᠠᠵᠤ᠂ ᠠᠷᠠᠯᠵᠢᠶᠠᠨ ᠤ ᠵᠠᠬ᠎ᠠ ᠶᠢᠨ ᠲᠠᠯᠠᠪᠠᠢ ᠨᠢ 800 ᠲᠡᠭᠰᠢ ᠳᠥᠷᠪᠡᠯᠵᠢᠨ ᠮᠧᠲᠷ ᠪᠠᠶᠢᠵᠤ᠂ ᠦᠬᠡᠷ᠂ ᠠᠳᠤᠭᠤ᠂ ᠬᠤᠨᠢᠨ ᠤ ᠬᠠᠰᠢᠶ᠎ᠠ ᠰᠠᠷᠠᠪᠴᠢ᠂ ᠤᠰᠤ ᠬᠠᠳᠠᠭᠠᠯᠠᠬᠤ ᠵᠣᠭᠤᠷᠢ᠂ ᠡᠪᠡᠰᠦ ᠪᠣᠷᠳᠣᠭᠠᠨ ᠤ ᠬᠥᠮᠥᠷᠭᠡ᠂ ᠲᠠᠯᠪᠢᠭᠤᠷ ᠵᠢᠩ᠂ ᠲᠡᠭᠡᠭᠡᠵᠦ ᠪᠠᠭᠤᠯᠭᠠᠬᠤ ᠲᠠᠪᠴᠠᠩ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠤᠷᠢᠭ ᠵᠡᠷᠭᠡ ᠴᠥᠮ ᠪᠦᠷᠢᠨ ᠪᠠᠶᠢᠵᠤ᠂ ᠭᠤᠤᠯᠳᠠᠭᠤ ᠦᠬᠡᠷ᠂ ᠠᠳᠤᠭᠤ᠂ ᠬᠤᠨᠢ ᠬᠤᠳᠠᠯᠳᠤᠨ ᠠᠪᠬᠤ ᠪᠠ ᠪᠣᠷᠣᠯᠠᠭᠤᠯᠬᠤ ᠠᠷᠠᠯᠵᠢᠶ᠎ᠠ ᠡᠷᠬᠢᠯᠡᠵᠦ᠂ ᠮᠠᠯᠴᠢᠳ ᠠᠷᠠᠯᠵᠢᠶᠠᠴᠢᠳ ᠲᠤ ᠳᠥᠭᠦᠮ ᠲᠥᠳᠡ ᠦᠢᠯᠡᠴᠢᠯᠡᠭᠡ ᠬᠠᠩᠭᠠᠵᠤ ᠪᠠᠶᠢᠳᠠᠭ᠃ ᠠᠮᠢᠳᠤ ᠮᠠᠯ ᠤᠨ ᠠᠷᠠᠯᠵᠢᠶᠠᠨ ᠤ ᠵᠠᠬ᠎ᠠ ᠨᠢ ᠪᠥᠬᠦ ᠬᠤᠰᠢᠭᠤᠨ ᠤ ᠮᠠᠯ ᠪᠣᠷᠣᠯᠠᠭᠤᠯᠬᠤ ᠠᠵᠢᠯ ᠢ ᠠᠬᠢᠭᠤᠯᠵᠤ᠂ ᠮᠠᠯᠴᠢᠳ ᠤᠨ ᠮᠠᠯ ᠢᠶᠠᠨ ᠬᠤᠳᠠᠯᠳᠤᠬᠤ ᠳᠤ ᠲᠥᠬᠦᠮ ᠦᠵᠡᠭᠦᠯᠬᠦ ᠶᠢᠨ ᠬᠠᠮᠲᠤ ᠭᠠᠳᠠᠷ ᠣᠷᠣᠨ ᠤ ᠠᠷᠠᠯᠵᠢᠶᠠᠴᠢᠳ ᠲᠠᠢ ᠣᠷᠳᠣ ᠬᠤᠭᠤᠴᠠᠭᠠᠨ ᠤ ᠬᠠᠷᠢᠯᠴᠠᠭ᠎ᠠ ᠪᠠᠶᠢᠭᠤᠯᠵᠤ᠂ ᠮᠠᠯᠴᠢᠳ ᠪᠣᠯᠤᠨ ᠠᠷᠠᠯᠵᠢᠶᠠᠴᠢᠳ ᠢ ᠬᠤᠯᠪᠣᠬᠤ ᠬᠥᠭᠦᠷᠭᠡ ᠪᠣᠯᠤᠭᠰᠠᠨ ᠪᠠᠶᠢᠨ᠎ᠠ᠃    ᠠᠮᠢᠳᠤ ᠮᠠᠯ ᠤᠨ ᠠᠷᠠᠯᠵᠢᠶᠠᠨ ᠤ ᠵᠠᠬ᠎ᠠ ᠶᠢᠨ ᠬᠠᠷᠢᠭᠤᠴᠠᠯᠭᠠᠲᠠᠨ    ᠪᠤᠶᠠᠨᠪᠠᠲᠦ᠄ ᠮᠠᠨ ᠤ ᠵᠠᠬ᠎ᠠ ᠥᠨᠦ ᠵᠢᠯ ᠶᠠᠭ ᠳᠥᠷᠪᠡᠳᠦᠭᠡᠷ ᠵᠢᠯ ᠤᠨ ᠨᠢᠭᠤᠷ ᠢ ᠦᠵᠡᠵᠦ ᠪᠠᠶᠢᠨ᠎ᠠ᠃ 2020 ᠤᠨ ᠳᠤ ᠡᠬᠢᠯᠡᠵᠦ ᠪᠠᠶᠢᠭᠤᠯᠤᠭᠠᠳ᠂ ᠠᠩᠬᠠᠨ ᠤ ᠵᠢᠯ ᠤᠨ ᠮᠠᠯ ᠤᠨ ᠭᠠᠷᠭᠠᠯᠲᠠ ᠲᠠᠶᠢᠮᠦ ᠰᠠᠶᠢᠨ ᠪᠢᠰᠢ᠃ ᠨᠢᠳᠤᠨᠤᠨ ᠤᠷᠵᠢᠨᠤᠨ ᠬᠤᠶᠠᠷ ᠵᠢᠯ ᠭᠠᠷᠭᠠᠯᠲᠠ ᠪᠠᠰᠠ ᠪᠤᠯᠤᠨ᠎ᠠ᠃ ᠮᠠᠨ ᠤ ᠵᠠᠬ᠎ᠠ ᠶᠢᠨ ᠪᠥᠲᠦᠭᠡᠨ ᠪᠠᠶᠢᠭᠤᠯᠤᠯᠲᠠ ᠪᠠᠷ ᠦᠵᠡᠪᠡᠯ᠂ ᠨᠢᠭᠡᠯᠡ ᠳᠡᠭᠡᠷ᠎ᠡ ᠪᠠᠷᠤᠭ 300 ᠰᠢᠬᠠᠭᠤ ᠠᠳᠤᠭᠤ ᠪᠠᠭᠲᠠᠭᠠᠵᠤ ᠳᠡᠶᠢᠯᠦᠨ᠎ᠡ᠃ ᠥᠨᠦ ᠵᠢᠯ ᠠᠳᠤᠭᠤᠨ ᠤ ᠦᠨ᠎ᠡ ᠬᠠᠩᠰᠢ ᠶᠡᠭᠡ ᠵᠦᠭᠡᠷ᠂ ᠦᠬᠡᠷ  ᠤᠨ ᠦᠨ᠎ᠡ ᠬᠠᠩᠰᠢ ᠲᠦᠷᠦᠭᠦᠦ ᠵᠢᠯ ᠢᠶᠠᠨ ᠪᠤᠳᠤᠪᠠᠯ ᠳᠤᠤᠷ᠎ᠠ ᠰᠢᠭ᠋ ᠪᠠᠶᠢᠨ᠎ᠠ᠃ ᠥᠨᠦᠳᠦᠷ 2023 ᠤᠨ ᠤ ᠠᠩᠬᠠᠨ ᠤ ᠮᠠᠶᠢᠮᠠᠢ ᠪᠠᠨ ᠡᠬᠢᠯᠡᠭᠦᠯᠵᠦ ᠪᠠᠶᠢᠨ᠎ᠠ᠂ ᠤᠳᠤᠬᠠᠨ ᠳᠤ ᠪᠠᠨ ᠳᠥᠴᠢ ᠲᠠᠪᠢᠭᠠᠳ ᠠᠳᠤᠭᠤ ᠢᠷᠡᠬᠦ ᠪᠠᠷ ᠪᠠᠶᠢᠨ᠎ᠠ᠃ ᠮᠠᠯ ᠤᠨ ᠵᠠᠬ᠎ᠠ ᠨᠡᠭᠡᠭᠡᠭᠰᠡᠨ ᠭᠤᠤᠯ ᠵᠤᠷᠢᠯᠭ᠎ᠠ ᠪᠤᠯ ᠮᠠᠯᠴᠢᠳ ᠤᠨ ᠢᠶᠠᠨ ᠮᠠᠯ ᠢ ᠪᠠᠭ᠎ᠠ ᠴᠤ ᠭᠡᠰᠡᠨ ᠢᠯᠡᠭᠦᠦ ᠥᠨᠳᠦᠷ ᠦᠨ᠎ᠡ ᠪᠠᠷ ᠵᠠᠷᠤᠵᠤ᠂ ᠮᠠᠯᠴᠢᠳ ᠲᠤ ᠪᠠᠨ ᠢᠯᠡᠭᠦᠦ ᠤᠷᠤᠯᠭ᠎ᠠ ᠤᠯᠭᠤᠶ᠎ᠠ ᠭᠡᠵᠦ ᠪᠤᠳᠤᠭᠰᠠᠨ᠃ ᠮᠠᠨ ᠤ ᠵᠠᠬ᠎ᠠ ᠳᠤ ᠲᠠᠯᠪᠢᠭᠤᠷ ᠵᠢᠩ ᠪᠠᠶᠢᠬᠤ ᠪᠤᠯᠬᠤᠷ ᠮᠠᠯᠴᠢᠳ ᠮᠠᠯ ᠢᠶᠠᠨ ᠬᠤᠳᠠᠯᠳᠤᠬᠤ᠂ ᠠᠷᠠᠯᠵᠢᠶᠠᠴᠢᠳ ᠮᠠᠯ ᠠᠪᠬᠤ ᠳᠤ ᠠᠯᠢ ᠠᠯᠢᠨ ᠳᠤ ᠨᠢ ᠪᠥᠷ ᠭᠤᠤᠯᠴᠢ᠂ ᠪᠥᠭᠦᠳᠡᠭᠡᠷ ᠲᠤ ᠪᠠᠲᠤᠯᠠᠭ᠎ᠠ ᠲᠠᠢ ᠤᠷᠴᠢᠨ ᠲᠤᠭᠤᠷᠢᠨ ᠬᠠᠩᠭᠠᠵᠤ ᠥᠭᠴᠦ ᠪᠠᠶᠢᠨ᠎ᠠ᠃    2020 ᠣᠨ ᠳᠤ ᠡᠵᠡᠩᠨᠡᠯᠲᠡ ᠪᠠᠨ ᠡᠬᠢᠯᠡᠭᠦᠯᠦᠭᠰᠡᠨ ᠠᠴᠠ ᠣᠲᠣ ᠪᠣᠯᠲᠠᠯ᠎ᠠ᠂ ᠠᠮᠢᠳᠤ ᠮᠠᠯ ᠤᠨ ᠠᠷᠠᠯᠵᠢᠶᠠᠨ  ᠤ ᠵᠠᠬ᠎ᠠ ᠨᠢ ᠡᠷᠢᠶᠡᠨᠨᠠᠭᠤᠷ ᠰᠤᠮᠤᠨ ᠤ ᠨᠠᠶᠮᠠᠨ ᠭᠠᠴᠠᠭ᠎ᠠ᠂ ᠡᠷᠬᠢᠨ ᠲᠣᠭᠤᠷᠢᠨ ᠤ ᠰᠤᠮᠤ ᠪᠠᠯᠭᠠᠰᠤ ᠵᠢᠴᠢ ᠳᠥᠷᠪᠡᠳ ᠬᠤᠰᠢᠭᠤᠨ ᠤ ᠶᠡᠭᠡ ᠬᠡᠮᠵᠢᠶᠡᠨ ᠤ ᠮᠠᠯᠴᠢᠳ ᠢ ᠲᠠᠲᠠᠵᠤ ᠠᠪᠴᠢᠷᠠᠭᠰᠠᠨ ᠢᠶᠠᠷ ᠪᠠᠷᠠᠬᠤ ᠥᠬᠡᠶ᠂ ᠨᠠᠩ ᠴᠤ ᠲᠦᠩᠯᠢᠶᠣᠤ᠂ ᠾᠧᠪᠧᠶ᠂ ᠱᠢ ᠵᠢᠶᠠ ᠵᠤᠸᠠᠩ᠂ ᠰᠢᠨᠵᠢᠶᠠᠩ ᠵᠡᠷᠭᠡ ᠭᠠᠳᠠᠷ ᠣᠷᠣᠨ ᠤ ᠠᠷᠠᠯᠵᠢᠶᠠᠴᠢᠳ ᠢ ᠳᠠᠲᠠᠭᠰᠠᠨ ᠪᠠᠶᠢᠨ᠎ᠠ᠃ ᠠᠷᠠᠯᠵᠢᠶ᠎ᠠ ᠪᠦᠲᠦᠭᠰᠡᠨ ᠤ ᠳᠠᠷᠠᠭ᠎ᠠ᠂ ᠠᠷᠠᠯᠵᠢᠶᠠᠨ ᠤ ᠵᠠᠬ᠎ᠠ ᠨᠢ ᠠᠷᠠᠯᠵᠢᠶᠠᠴᠢᠳ ᠠᠴᠠ ᠪᠠᠭ᠎ᠠ ᠬᠡᠮᠵᠢᠶᠡᠨ ᠤ ᠦᠶᠯᠡᠴᠢᠯᠡᠭᠡᠨ ᠤ ᠰᠦᠶᠳᠬᠡᠯ ᠬᠤᠷᠢᠶᠠᠵᠤ᠂  ᠬᠡᠪᠴᠢᠶ᠎ᠡ ᠶᠢ ᠥᠷᠭᠡᠳᠬᠡᠨ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠬᠦ ᠳᠤ ᠵᠠᠷᠤᠴᠠᠭᠤᠯᠳᠠᠭ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号