︽ᠰᠡᠷᠭᠦᠲᠡᠯ᠎ᠡ ᠪᠠᠨ ᠪᠥᠵᠢᠵᠦ᠂ ᠤᠷᠮᠠᠰ ᠢ ᠬᠥᠭᠵᠢᠭᠡᠨ᠎ᠡ︾  ᠤᠷᠠᠨ ᠪᠥᠵᠢᠭ ᠤᠨ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2023/12/26
    ᠪᠥᠬᠦ ᠬᠤᠰᠢᠭᠤᠨ ᠤ ᠥᠷᠭᠡᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠪᠥᠵᠢᠭ ᠲᠤ ᠪᠠᠭ᠋ᠠᠲᠠᠢ ᠬᠥᠮᠥᠰ ᠤᠨ ᠤᠷᠮ᠎ᠠ ᠪᠠᠬ᠎ᠠ ᠶᠢ ᠬᠥᠭᠵᠢᠭᠡᠵᠦ᠂ ᠤᠷ᠎ᠠ ᠮᠡᠷᠭᠡᠵᠢᠯ ᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠪᠥᠵᠢᠭ ᠤᠨ ᠤᠷᠠᠯᠢᠭ ᠤᠨ ᠬᠥᠭᠵᠢᠯᠲᠡ ᠶᠢ ᠠᠬᠢᠭᠤᠯᠬᠤ ᠶᠢᠨ ᠲᠥᠯᠦᠭᠡ ᠂ ᠤᠶᠢᠷ᠎ᠠ ᠳᠤ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯᠣᠨ ᠬᠤᠰᠢᠭᠤ ᠳᠠᠭᠤᠤ ᠬᠥᠭᠵᠢᠮ ᠪᠥᠵᠢᠭᠴᠢᠳ ᠤᠨ ᠨᠡᠶᠢᠭᠡᠮᠯᠢᠭ ᠬᠠᠮᠲᠤᠷᠠᠨ ︽ᠰᠡᠷᠭᠦᠲᠡᠯ᠎ᠡ ᠪᠠᠨ ᠪᠥᠵᠢᠵᠦ᠂ ᠤᠷᠮᠠᠰ ᠢ ᠬᠥᠭᠵᠢᠭᠡᠨ᠎ᠡ︾ ᠤᠷᠠᠨ ᠪᠥᠵᠢᠭ ᠤᠨ ᠠᠵᠢᠯᠯᠠᠭ᠎ᠠ ᠦᠷᠨᠢᠭᠦᠯᠵᠡᠢ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ ᠭᠠᠳᠠᠨ᠎ᠠ ᠲᠥᠪᠯᠡᠷᠡᠭᠦᠯᠦᠨ ᠳᠡᠯᠭᠡᠨ ᠦᠵᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠪᠥᠵᠢᠭᠴᠢᠳ ᠥᠩᠭᠡ ᠵᠢᠪᠬᠤᠭ᠎ᠠ ᠳᠡᠭᠦᠯᠳᠡᠷ᠂ ᠰᠢᠨ᠎ᠡ ᠰᠡᠪᠡᠭᠦᠨ᠂ ᠣᠷᠠᠨ ᠰᠠᠶᠢᠬᠠᠨ ᠲᠣᠭᠯᠠᠯᠲᠠ ᠪᠠᠷ ᠢᠶᠠᠨ ᠮᠠᠨ ᠤ ᠬᠤᠰᠢᠭᠤᠨ  ᠤ ᠪᠥᠵᠢᠭᠴᠢᠳ ᠤᠨ ᠴᠤᠭ ᠪᠠᠳᠠᠷᠠᠩᠭᠤᠢ᠂ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠤᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号